— ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ᠂ ᠡᠭᠡᠯᠢᠯᠡᠭᠡ ᠶᠢᠨ ᠡᠪᠡᠳᠴᠢᠨ ᠤ | ᠵᠦᠶ ᠶᠢᠨ ᠳ᠋ᠣᠺᠲ᠋ᠣᠷ ᠲᠢᠶᠠᠨ ᠰᠢᠶᠣᠤ ᠯᠢᠩ ᠢ ᠰᠤᠷᠪᠤᠯᠵᠢᠯᠠᠬᠰᠠᠨ ᠨᠢ | ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠤ ᠳᠠᠷᠠᠭ᠎ᠠ ᠵᠢᠷᠮᠦᠰᠦᠯᠡᠪᠡᠯ | ᠶᠠᠭᠠᠬᠢᠬᠤ ᠪᠣᠶ︖︾᠂ ︽ᠬᠥᠬᠦᠭᠦᠯ ᠤᠨ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ | ᠳᠠᠷᠢᠭᠤᠯᠵᠤ ᠪᠣᠯᠤᠨ᠎ᠠ ᠦᠦ︖︾᠂ ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠪᠠᠯ ᠡᠬᠡ ᠶᠢᠨ ᠰᠦ ᠳᠤ | ᠨᠥᠯᠥᠭᠡ ᠲᠠᠢ ᠦᠦ︖︾ ᠣᠳᠣᠬᠠᠨ ᠤ ᠬᠥᠮᠦᠰ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠨᠳᠤᠭᠤᠯᠵᠤ᠂ 8 | ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ᠂ | ᠡᠭᠡᠯᠢᠯᠡᠭᠡ ᠶᠢᠨ ᠡᠪᠡᠳᠴᠢᠨ ᠤ ᠵᠦᠶ ᠶᠢᠨ ᠳ᠋ᠣᠺᠲ᠋ᠣᠷ ᠲᠢᠶᠠᠨ ᠰᠢᠶᠤᠤ ᠯᠢᠩ ᠢ ᠰᠤᠷᠪᠤᠯᠵᠢᠯᠠᠪᠠ᠃ | ᠲᠢᠶᠠᠨ ᠰᠢᠶᠤᠤ ᠯᠢᠩ᠄ ︽ᠵᠢᠷᠮᠦᠰᠦᠨ ᠡᠮᠡᠭᠳᠡᠢ ᠪᠣᠯ ︿ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢᠨ ᠮᠡᠷᠭᠡᠵᠢᠯ ᠤᠨ ᠵᠦᠭᠯᠡᠭᠦᠷ ︵ᠠᠩᠬᠠᠳᠤᠭᠠᠷ ᠬᠡᠪᠯᠡᠯ︶﹀ ᠲᠤ ᠨᠡᠶᠢᠲᠡᠯᠡᠭᠰᠡᠨ ᠲᠠᠷᠢᠯᠭ᠎ᠠ ᠬᠢᠬᠦ ᠶᠢ | ᠴᠡᠭᠡᠷᠯᠡᠬᠦ ᠬᠥᠮᠦᠰ ᠲᠤ ᠲᠣᠭᠠᠴᠠᠭᠳᠠᠨ᠎ᠠ᠂ ᠬᠡᠳᠦ᠋ᠢᠪᠡᠷ ᠪᠢᠳᠡ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠲᠠᠷᠢᠭᠰᠠᠨ ᠠᠴᠠ ᠪᠣᠯᠵᠦ ᠵᠢᠷᠮᠦᠰᠦᠨ ᠡᠮᠡᠭᠳᠡᠢ ᠪᠤᠶᠤ ᠬᠡᠪᠡᠯᠢ ᠳᠠᠬᠢ ᠬᠡᠦᠬᠡᠳ ᠬᠡᠪ ᠤᠨ ᠪᠤᠰᠤ | ᠪᠠᠶᠢᠳᠠᠯ ᠡᠭᠦᠰᠦᠭᠰᠡᠨ ᠢ ᠬᠠᠷᠠᠬᠠᠨ ᠬᠢᠨᠠᠨ ᠪᠠᠶᠢᠴᠠᠭᠠᠵᠦ ᠣᠯᠤᠭᠠᠳᠤᠶ ᠪᠣᠯᠪᠠᠴᠤ ᠪᠣᠯᠭᠤᠮᠵᠢᠲᠠᠶ ᠪᠠᠷ ᠪᠣᠳᠣᠯᠬᠢᠯᠠᠵᠤ | ᠦᠵᠡᠪᠡᠯ᠂ ᠵᠢᠷᠮᠦᠰᠦᠨ ᠡᠮᠡᠭᠳᠡᠢ ᠳᠤ ᠲᠠᠷᠢᠯᠭ᠎ᠠ ᠬᠢᠬᠦ ᠶᠢ ᠲᠦᠷ ᠰᠠᠨᠠᠭᠠᠴᠢᠯᠠᠬᠤ ᠥᠬᠡᠶ︾ ᠭᠡᠵᠦ ᠬᠡᠯᠡᠨ᠎ᠡ᠃ | ︽ᠬᠡᠷᠪᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠤ ᠲᠠᠷᠠᠭ᠎ᠠ ᠵᠢᠷᠮᠦᠰᠦᠯᠡᠭᠰᠡᠨ ᠪᠠᠶᠢᠪᠠᠯ | ᠶᠠᠭᠠᠬᠢᠳᠠᠭ ᠪᠢᠯᠡ︖︾ ᠭᠡᠰᠡᠨ ᠰᠤᠷᠪᠤᠯᠵᠢᠯᠠᠭᠴᠢ ᠶᠢᠨ ᠠᠰᠠᠭᠤᠯᠳᠠ ᠳᠤ᠂ ︽ᠡᠶᠢᠮᠦ ᠪᠠᠶᠢᠳᠠᠯ ᠳᠤ ᠪᠢᠳᠡ | ᠲᠤᠰᠬᠠᠶᠢᠯᠠᠨ ᠵᠢᠷᠮᠦᠰᠦᠯᠡᠬᠦ ᠶᠢ ᠵᠣᠭᠰᠣᠭᠠᠬᠤ ᠰᠠᠨᠠᠭᠤᠯᠭ᠎ᠠ ᠦᠭᠬᠦ ᠥᠬᠡᠶ᠃ ᠲᠣᠭᠲᠠᠭᠰᠠᠨ ᠬᠤᠭᠤᠴᠠᠭ᠎ᠠ ᠲᠠᠢ | ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠪᠠ ᠬᠡᠪᠡᠯᠢ ᠳᠠᠬᠢ ᠬᠡᠦᠬᠡᠳ ᠤᠨ ᠵᠡᠷᠡᠮᠳᠡᠭ ᠤᠨ ᠪᠠᠶᠢᠴᠠᠭᠠᠯᠲᠠ ᠬᠢᠪᠡᠯ | ᠪᠣᠯᠴᠢᠬᠠᠨ᠎ᠠ︾ ᠭᠡᠵᠦ ᠲᠢᠶᠠᠨ ᠰᠢᠶᠤᠤ ᠯᠢᠩ ᠬᠠᠷᠢᠭᠤᠯᠤᠯ᠎ᠠ᠃ | ︽ᠵᠠᠷᠢᠮ ᠵᠢᠷᠮᠦᠰᠦᠨ ᠡᠮᠡᠭᠳᠡᠢ ᠠᠮᠠᠷᠬᠠᠨ ᠬᠢᠮᠤᠷᠠᠳᠠᠭ᠂ ᠭᠡᠬᠦ ᠳᠤ ᠰᠡᠷᠭᠡᠶᠢᠯᠡᠨ ᠬᠠᠮᠠᠭᠠᠯᠠᠬᠤ ᠤᠬᠠᠮᠰᠠᠷ ᠲᠠᠢ | ᠵᠢᠷᠮᠤᠰᠤᠨ ᠡᠮᠡᠭᠳᠡᠢ ᠨᠢ ᠵᠢᠷᠮᠦᠰᠦᠯᠡᠭᠰᠡᠨ ᠬᠤᠭᠤᠴᠠᠭᠠᠨ ᠳᠠᠭᠠᠨ ᠬᠠᠯᠳᠠᠪᠤᠷᠢᠲᠤ ᠲᠠᠭᠰᠢᠭᠤᠷ ᠤᠨ ᠸᠠᠺᠼᠢᠨ | ᠳᠠᠷᠢᠭᠤᠯᠳᠠᠭ᠂ ᠪᠠᠰᠠ ᠵᠠᠷᠢᠮ ᠵᠢᠷᠮᠦᠰᠦᠨ ᠡᠮᠡᠭᠳᠡᠢ ᠵᠢᠷᠮᠦᠰᠦᠯᠡᠭᠰᠡᠨ ᠬᠤᠭᠤᠴᠠᠭᠠᠨ ᠳᠠᠭᠠᠨ ᠮᠤᠤᠷ ᠲᠤ | ᠮᠠᠭᠠᠵᠢᠭᠳᠠᠬᠤ ᠪᠤᠶᠤ ᠨᠣᠬᠠᠶ ᠳᠤ ᠬᠠᠵᠠᠭᠳᠠᠵᠦ ᠰᠢᠷᠬᠠᠲᠤᠪᠠᠯ ᠭᠠᠯᠵᠠᠭᠤ ᠡᠪᠡᠳᠴᠢᠨ ᠤ ᠸᠠᠺᠼᠢᠨ ᠳᠠᠷᠢᠭᠤᠯᠳᠠᠭ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠪᠣᠯᠤᠨ ᠵᠣᠩᠬᠢᠯᠠᠬᠤ ᠲᠣᠭᠠᠨ ᠤ ᠭᠠᠯᠵᠠᠭᠤ ᠡᠪᠡᠳᠴᠢᠨ ᠤ ᠸᠠᠺᠼᠢᠨ | ᠵᠢᠴᠢ ᠡᠩ ᠤᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠨᠢ ᠪᠦᠷ ᠢᠳᠡᠪᠬᠢ ᠥᠬᠡᠶᠢᠳᠡᠭᠦᠯᠬᠦ ᠸᠠᠺᠼᠢᠨ ᠳᠤ | ᠲᠣᠭᠠᠴᠠᠭᠳᠠᠨ᠎ᠠ᠂ ᠪᠡᠶ᠎ᠡ ᠮᠠᠬᠠᠪᠣᠳ ᠲᠤ ᠪᠠᠳᠠᠷᠠᠭᠤᠯᠬᠤ ᠲᠣᠭᠲᠠᠴᠠ ᠪᠣᠯᠤᠨ ᠠᠮᠤᠷ ᠲᠦᠪᠰᠢᠨ ᠤ ᠬᠡᠮᠵᠢᠶ᠎ᠡ ᠨᠢ ᠴᠦ | ᠳᠠᠮᠠᠢ ᠵᠦᠷᠢᠶ᠎ᠠ ᠦᠭᠡᠢ ᠪᠠᠶᠢᠳᠠᠭ᠃ ᠡᠭᠦᠨ ᠢᠶᠠᠷ ᠪᠠᠷᠠᠬᠤ ᠦᠭᠡᠢ ᠪᠢᠳᠡ ᠬᠡᠪ ᠤᠨ ᠪᠤᠰᠤ ᠤᠷᠪᠠᠯ ᠢ ᠬᠢᠨᠠᠨ | ᠪᠠᠶᠢᠴᠠᠭᠠᠬᠤ ᠪᠠᠷ ᠳᠡᠮᠵᠢᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠨᠢ ᠪᠤᠰᠤᠳ ᠸᠠᠺᠼᠢᠨ ᠤ ᠬᠡᠪ ᠤᠨ ᠪᠤᠰᠤ | ᠤᠷᠪᠠᠯ ᠡᠭᠦᠰᠬᠦ ᠨᠣᠷᠮ᠎ᠠ ᠠᠴᠠ ᠪᠠᠰᠠ ᠳᠤᠤᠷ᠎ᠠ ᠪᠠᠶᠢᠬᠤ ᠶᠢ ᠣᠯᠵᠤ ᠮᠡᠳᠡᠵᠡᠶ︾ ᠭᠡᠵᠦ ᠲᠢᠶᠠᠨ ᠰᠢᠶᠤᠤ ᠯᠢᠩ | ᠨᠦᠬᠦᠪᠤᠷᠢᠯᠡᠨ ᠭᠡᠯᠠᠯᠠ᠃ | ︽ᠬᠥᠬᠦᠭᠦᠯ ᠤᠨ ᠬᠤᠭᠤᠴᠠᠭᠠᠨ ᠤ ᠡᠮᠡᠭᠲᠡᠶ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠬᠤ ᠴᠡᠭᠡᠷ ᠲᠠᠢ | ᠦᠦ︖ ᠲᠠᠷᠢᠯᠭ᠎ᠠ ᠬᠢᠭᠰᠡᠨ ᠤ ᠲᠠᠷᠠᠭ᠎ᠠ ᠬᠡᠦᠬᠡᠳ ᠢᠶᠠᠨ ᠬᠦᠬᠦᠬᠦᠯᠵᠦ ᠪᠤᠯᠤᠨ᠎ᠠ ᠤᠤ︖︾ ᠭᠡᠰᠡᠨ | ᠰᠤᠷᠪᠤᠯᠵᠢᠯᠠᠭᠴᠢ ᠶᠢᠨ ᠠᠰᠠᠭᠤᠯᠳᠠ ᠳᠤ᠂ ︽ᠬᠥᠬᠦᠭᠦᠯ ᠤᠨ ᠬᠤᠭᠤᠴᠠᠭᠠᠨ ᠤ ᠡᠮᠡᠭᠲᠡᠢ ᠴᠡᠭᠡᠷ ᠲᠠᠢ ᠬᠥᠮᠦᠰ ᠲᠤ | ᠲᠣᠭᠠᠴᠠᠭᠳᠠᠬᠤ ᠥᠬᠡᠶ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠤᠯᠵᠤ ᠪᠠᠷᠠᠭᠰᠠᠨ ᠤ ᠳᠠᠷᠠᠭ᠎ᠠ᠂ | ᠦᠷᠭᠦᠯᠵᠢᠯᠡᠨ ᠭᠡᠦᠭᠡᠳ ᠢᠶᠠᠨ ᠬᠥᠬᠦᠭᠦᠯᠵᠦ ᠪᠣᠯᠤᠨ᠎ᠠ︾ ᠭᠡᠵᠤ ᠲᠢᠶᠠᠨ ᠰᠢᠶᠤᠤ ᠯᠢᠩ ᠳᠠᠶᠢᠯᠪᠤᠷᠢᠯᠡᠪᠠ᠃ |