ᠶᠠᠩ ᠰᠢᠩ ᠱᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/16
     8 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ︽ᠦᠬᠦᠰᠢᠷᠡᠮᠡᠯ ᠠᠵᠤ ᠠᠬᠤᠶᠢᠯᠠᠯ ᠢ ᠴᠡᠪᠡᠷᠯᠡᠨ ᠰᠤᠯᠠᠯᠠᠵᠤ ᠪᠤᠴᠠᠭᠠᠬᠤ ᠲᠥᠰᠦᠯ︾ ᠢ ᠬᠢᠨᠠᠨ ᠵᠥᠪᠯᠡᠪᠡ︔ ︽ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠦᠬᠦᠰᠢᠷᠡᠮᠡᠯ ᠠᠵᠤ ᠠᠬᠤᠶᠢᠯᠠᠯ ᠢ ᠴᠡᠪᠡᠷᠯᠡᠬᠦ ᠪᠣᠯ ᠳᠠᠷᠠᠭᠠᠴᠢ ᠶᠢᠨ ᠠᠯᠬᠤᠮ ᠤᠨ ᠠᠵᠤ ᠦᠢᠯᠡᠳᠪᠦᠷᠢ ᠶᠢᠨ ᠰᠠᠭᠤᠷᠢ ᠶᠢ ᠪᠠᠬᠢᠵᠢᠭᠦᠯᠬᠦ ᠬᠦᠴᠦᠲᠡᠶ ᠭᠠᠷᠳᠠᠴᠠ ᠮᠥᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠦᠲᠦᠮᠵᠢᠲᠡᠶ ᠠᠷᠭ᠎ᠠ ᠵᠠᠮ ᠮᠥᠨ᠂ ᠡᠯ᠎ᠡ ᠬᠠᠮᠢᠶ᠎ᠠ ᠪᠦᠬᠦᠢ ᠨᠢᠭᠡᠴᠢ᠂ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠠᠵᠢᠯ ᠢᠶᠠᠨ ᠡᠷᠡᠰ ᠪᠠᠲᠤ ᠣᠪᠣᠷ ᠢᠶᠠᠷ᠂ ᠡᠷᠡᠰ ᠪᠠᠲᠤ ᠢᠲᠡᠭᠡᠯ ᠲᠠᠢ ᠪᠠᠷ ᠥᠷᠨᠢᠭᠦᠯᠵᠦ᠂ ᠦᠬᠦᠰᠢᠷᠡᠮᠡᠯ ᠠᠵᠤ ᠠᠬᠤᠶᠢᠯᠠᠯ ᠢ ᠨᠢᠭᠡᠳ ᠨᠢᠭᠡ ᠪᠠᠷ ᠪᠠᠶᠢᠴᠠᠭᠠᠵᠤ᠂ ᠰᠠᠭᠤᠷᠢ ᠲᠤᠭ᠎ᠠ ᠶᠢ ᠨᠢ ᠲᠣᠳᠣᠷᠬᠠᠶ ᠣᠶᠢᠯᠠᠭᠠᠵᠤ᠂ ᠠᠰᠠᠭᠤᠳᠠᠯ ᠢ ᠨᠢ ᠲᠣᠳᠣᠷᠬᠠᠶ ᠪᠣᠯᠭᠠᠵᠤ᠂ ᠡᠯ᠎ᠡ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠬᠦᠰᠢᠷᠡᠮᠡᠯ ᠠᠵᠤ ᠠᠬᠤᠶᠢᠯᠠᠯ ᠢ ᠴᠡᠪᠡᠷᠯᠡᠨ ᠠᠷᠢᠯᠭᠠᠬᠤ ᠬᠠᠮᠤᠭ ᠤᠨ ᠪᠦᠲᠦᠮᠵᠢᠲᠡᠶ ᠬᠡᠳᠦᠨ ᠠᠷᠭ᠎ᠠ ᠵᠠᠮ ᠢ ᠡᠷᠢᠵᠦ ᠭᠠᠷᠭᠠᠬᠤ ᠶᠢᠨ ᠬᠠᠮᠲᠤ᠂ ᠵᠠᠷᠢᠮ ᠬᠠᠮᠲᠤᠷᠠᠯᠴᠠᠬᠤ ᠰᠠᠨᠠᠭ᠎ᠠ ᠲᠠᠢ ᠠᠵᠤ ᠠᠬᠤᠶᠢᠯᠠᠯ ᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠨᠥᠬᠦᠴᠡᠯ ᠳᠣᠣᠷ᠎ᠠ᠂ ᠬᠠᠮᠤᠭ ᠤᠨ ᠶᠡᠭᠡ ᠬᠦᠴᠦᠨ ᠢᠶᠠᠨ ᠰᠢᠪᠬᠠᠨ ᠮᠠᠨ ᠤ ᠰᠢᠶᠠᠨ ᠳᠤ ᠦᠨᠳᠦᠰᠦᠯᠡᠭᠦᠯᠬᠦ ᠬᠡᠷᠡᠭᠲᠡᠶ ᠭᠡᠪᠡ᠃      ᠶᠠᠩ ᠰᠢᠩ ᠱᠧᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠪᠡᠯᠴᠢᠭᠡᠷᠯᠡᠭᠦᠯᠬᠦ ᠶᠢ ᠪᠦᠬᠦ ᠲᠠᠯ᠎ᠠ ᠪᠠᠷ ᠴᠠᠭᠠᠵᠠᠯᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠣᠭᠲᠠᠭᠠᠨ ᠲᠡᠭᠦᠯᠳᠡᠷᠵᠢᠭᠦᠯᠵᠦ᠂ ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ ᠴᠢᠨᠠᠷ ᠰᠠᠶᠢᠲᠠᠶ ᠡᠪᠡᠰᠦ ᠪᠣᠷᠳᠤᠭ᠎ᠠ ᠳᠠᠷᠢᠬᠤ᠂ ᠰᠠᠶᠢᠨ ᠡᠭᠦᠯᠳᠡᠷ ᠢ ᠣᠷᠣᠭᠤᠯᠬᠤ᠂ ᠠᠵᠢᠯ ᠣᠯᠭᠤᠬᠤ ᠠᠷᠭ᠎ᠠ ᠵᠠᠮ ᠢ ᠨᠡᠮᠡᠭᠳᠡᠭᠦᠯᠬᠦ ᠵᠡᠷᠭᠡ ᠠᠷᠭ᠎ᠠ ᠵᠠᠮ ᠠᠴᠠ ᠡᠭᠦᠰᠴᠦ᠂ ᠵᠣᠬᠢᠴᠠᠩᠭᠤᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠠᠯᠢ ᠲᠦᠷᠭᠡᠨ ᠢᠶᠠᠷ ᠡᠷᠢᠨ ᠭᠠᠷᠭᠠᠵᠤ᠂ ᠠᠯᠠᠰᠢᠨ ᠦᠬᠡᠷ ᠠᠯᠠᠰᠢᠨ ᠬᠤᠨᠢ ᠶᠢ ᠡᠳ᠋ᠰᠢᠭᠦᠯᠦᠨ ᠠᠯᠠᠵᠤ ᠨᠢᠲᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠨ ᠤ ᠰᠢᠶᠠᠨ ᠤ ᠬᠡᠪᠴᠢᠶᠡᠨ ᠳᠤ ᠨᠢᠭᠡᠨ ᠪᠦᠷᠢᠨ ᠪᠦᠲᠦᠨ ᠠᠵᠤ  ᠦᠢᠯᠡᠰ ᠤᠨ ᠬᠡᠯᠬᠢᠶ᠎ᠡ ᠶᠢ ᠢᠳᠡᠭ ᠢᠳᠡᠭ ᠢᠶᠠᠷ ᠪᠣᠶ ᠪᠣᠯᠭᠠᠵᠤ᠂ ᠡᠭᠦᠨ ᠤ ᠤᠯᠠᠮ ᠢᠶᠠᠷ ᠠᠷᠠᠳ ᠣᠯᠠᠨ ᠳᠤ ᠬᠠᠮᠤᠭ ᠤᠨ ᠶᠡᠭᠡ ᠳᠡᠮᠵᠢᠯᠭᠡ ᠦᠵᠡᠭᠦᠯᠬᠦ ᠶᠢᠨ ᠬᠠᠮᠲᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号