ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠭᠢ ᠶᠢᠨ ᠲᠥᠷᠥᠯ ᠵᠦᠢᠯ ᠢ ᠬᠡᠷᠡᠭᠵᠢᠭᠦᠯᠬᠦ ᠲᠥᠰᠦᠯ︾ ᠤᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/8/16
     ᠮᠠᠨ ᠤ ᠲᠣᠪᠴᠢᠶ᠎ᠠ ᠶᠢᠨ ᠮᠡᠳᠡᠭᠦᠯᠦᠭᠰᠡᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠭᠢ︾ ᠶᠢᠨ ᠲᠥᠷᠥᠯ ᠵᠦᠢᠯ ᠢ 2021 ᠣᠨ ᠤ 7 ᠰᠠᠷ᠎ᠠ ᠶᠢᠨ 30 ᠤ ᠡᠳᠦᠷ ᠰᠢᠶᠠᠨ ᠤ ᠵᠠᠰᠠᠭ ᠤᠨ ᠣᠷᠳᠣᠨ ᠤ ᠴᠣᠬᠤᠯᠠᠪᠤᠷᠢ ᠶᠢ ᠭᠥᠯᠢᠶᠡᠨ ᠠᠪᠴᠤ᠂ ᠬᠡᠷᠡᠭᠵᠢᠭᠦᠯᠬᠦ ᠶᠢ ᠵᠥᠪᠰᠢᠶᠡᠷᠡᠪᠡ᠃ ᠡᠳᠦᠭᠡ ᠬᠡᠷᠡᠭᠵᠢᠭᠦᠯᠬᠦ ᠲᠥᠷᠥᠯ ᠵᠦᠢᠯ ᠤᠨ ᠪᠣᠳᠠᠲᠠᠶ ᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠥᠷᠥᠯ ᠵᠦᠢᠯ ᠤᠨ ᠪᠠᠯᠠ ᠮᠥᠩᠭᠦ ᠶᠢᠨ ᠲᠤᠭ᠎ᠠ ᠬᠡᠮᠵᠢᠶ᠎ᠡ ᠵᠢᠴᠢ ᠪᠠᠯᠠ ᠮᠥᠩᠭᠦ ᠶᠢᠨ ᠢᠷᠡᠯᠲᠡ      ᠲᠥᠷᠥᠯ ᠵᠦᠢᠯ ᠳᠤ ᠨᠡᠶᠢᠲᠡ 23 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠪᠠᠯᠠ ᠮᠥᠩᠭᠦ ᠶᠢᠨ ᠢᠷᠡᠯᠲᠡ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠪᠠᠯᠠ ᠮᠥᠩᠭᠦ ᠪᠣᠯᠤᠨ᠎ᠠ᠃      ᠬᠤᠶᠠᠷ᠂ ᠲᠥᠷᠥᠯ ᠵᠦᠢᠯ ᠢ ᠬᠡᠷᠡᠭᠵᠢᠭᠦᠯᠬᠦ ᠴᠠᠭ ᠪᠠ ᠭᠠᠵᠠᠷ      ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠨᠢ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠳᠠᠭᠤᠰᠬᠠᠨ᠎ᠠ      ᠭᠤᠷᠪᠠ᠂ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠢ᠂ ᠲᠥᠷᠥᠯ ᠵᠦᠢᠯ ᠤᠨ ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ ᠮᠠᠶ᠋ᠢᠭ᠄   ᠲᠥᠰᠦᠯ ᠢ ᠬᠡᠷᠡᠭᠵᠢᠭᠦᠯᠬᠦ ᠨᠢᠭᠡᠴᠢ ᠪᠣᠯ ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠤᠨ᠎ᠠ᠂ ᠲᠥᠰᠦᠯ ᠤᠨ ᠬᠠᠷᠢᠭᠤᠴᠠᠯᠭᠠᠲᠠᠨ ᠨᠢ ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠪᠣᠯᠤᠨ᠎ᠠ      ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠨᠡᠶᠢᠭᠡᠮ ᠨᠡᠶᠢᠲᠡ ᠳᠤ ᠢᠯᠡ ᠨᠡᠶᠢᠲᠡᠯᠡᠶ᠎ᠡ᠂ ᠪᠥᠬᠦ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠵᠠᠷᠯᠠᠨ ᠨᠡᠶᠢᠲᠡᠯᠡᠬᠦ ᠴᠠᠭ ᠨᠢ 2021 ᠣᠨ ᠤ 8 ᠰᠠᠷ᠎ᠠ ᠶᠢᠨ 10 ᠤ ᠡᠳᠦᠷ — 8 ᠰᠠᠷ᠎ᠠ ᠶᠢᠨ 20 ᠤ ᠡᠳᠦᠷ ᠪᠣᠯᠤᠨ᠎ᠠ᠃      ᠬᠡᠷᠪᠡ ᠣᠨᠳᠣᠣ ᠰᠠᠨᠠᠯ ᠲᠠᠢ ᠪᠣᠯ ᠶᠠᠳᠠᠭᠤ ᠶᠢ ᠲᠡᠳᠬᠦᠬᠦ ᠠᠵᠢᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠤᠲᠠᠰᠤᠲᠠᠭᠠᠷᠠᠢ᠄ 123178821621 ᠢᠯᠡᠴᠢᠯᠡᠨ ᠮᠡᠳᠡᠭᠦᠯᠬᠦ ᠰᠢᠦᠳᠠᠨ ᠤ ᠬᠠᠶᠢᠷᠴᠠᠭ ᠲᠤ ᠬᠢᠨᠠᠯᠲᠠ ᠲᠠᠯᠪᠢᠬᠤ᠄ wcxfpb@sin᠃ com      ᠬᠠᠷᠢᠯᠴᠠᠬᠤ ᠬᠠᠶ᠋ᠢᠭ᠄ ᠦᠴᠤᠸᠠᠨ ᠰᠢᠶᠠᠨ ᠤ ᠺᠢᠨᠣ᠋ ᠲᠧᠯᠸᠢᠰ ᠤᠨ ᠪᠠᠷᠠᠭᠤᠨ ᠵᠡᠭᠡᠯᠢ ᠬᠢᠭᠡᠳ ᠴᠢᠩ ᠱᠠᠨ ᠵᠠᠮ ᠤᠨ ᠠᠭᠤᠯᠵᠠᠷ ᠭᠠᠵᠠᠷ                                             2021 ᠣᠨ ᠤ 8 ᠰᠠᠷ᠎ᠠ ᠶᠢᠨ 10 ᠤ ᠡᠳᠦᠷ ︵ᠲᠥᠷᠦᠯ ᠵᠦᠢᠯ ᠤᠨ ᠬᠡᠷᠡᠭᠵᠢᠭᠦᠯᠬᠦ ᠲᠥᠰᠦᠯ ᠢ ᠠᠷᠤ ᠳᠤ ᠳᠠᠭᠠᠯᠳᠤᠭᠤᠯᠪᠠ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号