ᠭᠡᠷ ᠪᠦᠯᠢ ᠶᠢᠨ ᠪᠦᠷᠢᠯᠳᠦᠬᠦᠨ ᠤ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠪᠠᠯ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ
ᠨᠡᠶᠢᠲᠡᠯᠡᠭᠰᠡᠨ ᠴᠠᠭ᠄
2021/8/19
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠦᠪᠠᠷᠳᠡᠭᠡᠨ ᠵᠠᠰᠠᠬᠤ ᠤᠷᠤᠨ ᠤ 2021 ᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠨᠳᠦᠰᠤᠯᠠᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠢᠨᠢ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠪᠦᠭᠡᠳ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠲᠤᠬᠠᠢ ᠲᠣᠭᠲᠠᠭᠠᠯ ᠳᠤ ᠨᠡᠶᠢᠴᠡᠵᠤ ᠪᠠᠶᠢᠭ᠎ᠠ ᠬᠡᠷ ᠪᠥᠯᠢ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠠᠨᠭ᠍ᠭᠠᠵᠤ ᠪᠤᠯᠤᠨ᠎ᠠ᠃      ᠤᠶᠢᠯᠠᠭᠠᠬᠰᠠᠨ ᠢᠶᠠᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠬᠤ ᠳᠤ ᠬᠡᠷ ᠪᠦᠯᠢ ᠪᠠᠷ ᠨᠢᠭᠡᠴᠢ ᠪᠣᠯᠭᠠᠵᠤ᠂ ᠭᠤᠶᠤᠴᠢᠯᠠᠬᠤ ᠬᠡᠷ ᠪᠦᠯᠢ ᠠᠴᠠ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠨᠢᠭᠡ ᠪᠦᠷᠢᠯᠳᠦᠬᠦᠨ ᠢ ᠭᠤᠶᠤᠴᠢᠯᠠᠭᠴᠢ ᠪᠣᠯᠭᠠᠵᠤ᠂ ᠡᠷᠦᠬᠡ ᠠᠮᠠ ᠶᠢᠨ ᠲᠠᠩᠰᠠ ᠨᠢ ᠪᠠᠶᠢᠭ᠎ᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠤ ᠭᠤᠶᠤᠴᠢᠯᠠᠯ ᠤᠨ ᠪᠢᠴᠢᠭ ᠢᠶᠠᠨ ᠲᠡᠪᠰᠢᠬᠦᠯᠦᠨ᠎ᠠ︔ ᠲᠤᠰᠢᠶᠠᠬᠤ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︶ ᠠᠴᠠ ᠬᠦᠯᠢᠶᠡᠨ ᠠᠪᠬᠤ ᠶᠢᠨ ᠬᠠᠮᠲᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠰᠠᠨ ᠭᠡᠷ ᠪᠦᠯᠢ ᠶᠢᠨ ᠰᠠᠭᠤᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ︔ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠠᠭᠤᠰᠤᠭᠠᠳ ᠤᠨᠳᠤᠤ ᠰᠠᠨᠠᠯ ᠥᠬᠡᠶ ᠪᠣᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠭᠤᠯᠤᠭᠠᠳ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠢ ᠨᠤᠲᠠᠯᠠᠨ ᠵᠥᠪᠰᠢᠶᠡᠷᠡᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号