ᠮᠠᠨ ᠤ ᠣᠷᠤᠨ ᠤ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠢ ᠬᠠᠪᠰᠤᠷᠤᠨ | ᠳᠡᠮᠵᠢᠬᠦ ᠶᠢᠨ ᠲᠤᠰᠠᠳᠠ᠂ 8 ᠰᠠᠷ᠎ᠠ ᠶᠢᠨ 16 ᠤ ᠡᠳᠦᠷ ᠠᠴᠠ 9 ᠰᠠᠷ᠎ᠠ ᠶᠢᠨ15 ᠤ ᠡᠳᠦᠷ ᠪᠣᠯᠳᠠᠯ᠎ᠠ᠂ ᠦᠪᠦᠷ | ᠮᠤᠩᠭᠤᠯ ᠤᠨ ᠠᠵᠢᠯᠴᠢᠨ ᠤ ᠶᠡᠷᠦᠩᠬᠡᠢ ᠡᠪᠯᠡᠯ ᠠᠴᠠ 2021 ᠣᠨ ᠤ ᠠᠵᠢᠯ ᠣᠯᠣᠭᠠᠳᠤᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠢ | ᠣᠨᠴᠠᠭᠠᠶᠢᠯᠠᠨ ᠵᠣᠬᠢᠶᠠᠨ ᠪᠠᠶᠢᠭᠤᠯᠤᠨ ᠡᠷᠬᠢᠯᠡᠵᠦ ᠪᠣᠢ᠃ | ᠣᠶᠢᠯᠠᠭᠠᠭᠰᠠᠨ ᠢᠶᠠᠷ ᠲᠤᠰ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠨᠢ ᠰᠦᠯᠵᠢᠶᠡᠨ ᠳᠡᠭᠡᠷ᠎ᠡ | ᠠᠵᠢᠯᠳᠠᠨ ᠡᠯᠰᠡᠬᠦ ᠲᠤᠰᠬᠠᠢ ᠲᠠᠯᠠᠪᠠᠢ᠂ ᠠᠵᠢᠯ ᠣᠯᠭᠤᠬᠤ ᠣᠨᠤᠴᠠᠳᠠᠢ ᠦᠢᠯᠡᠴᠢᠯᠡᠭᠡ᠂ ᠠᠵᠢᠯ ᠣᠯᠭᠤᠬᠤ | ᠰᠡᠳᠬᠦᠯ᠂ ᠠᠵᠢᠯᠳᠠᠨ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠵᠡᠷᠭᠡ ︽ᠲᠦᠷᠪᠡ ᠶᠢ ᠨᠢᠭᠡ ᠴᠤᠭᠴᠠᠵᠢᠭᠤᠯᠬᠤ︾ | ᠶᠢ ᠤᠶᠠᠯᠳᠤᠭᠤᠯᠤᠭᠰᠠᠨ ᠬᠡᠯᠪᠡᠷᠢ ᠪᠠᠷ ᠠᠵᠢᠯ ᠡᠷᠢᠭᠰᠡᠳ ᠲᠤ ᠦᠪᠡᠷᠮᠢᠴᠡ ᠪᠦᠭᠡᠳ ᠣᠯᠠᠨ ᠲᠦᠷᠦᠯ ᠤᠨ ᠠᠵᠢᠯ | ᠣᠯᠭᠤᠬᠤ ᠦᠢᠯᠡᠴᠢᠯᠡᠭᠡ ᠬᠠᠩᠭᠠᠵᠤ ᠪᠣᠢ᠃ ᠨᠡᠶᠢᠲᠡ 100 ᠠᠵᠤ ᠠᠬᠤᠶᠢᠯᠠᠯ 294 ᠰᠢᠯᠢᠳᠡᠭ ᠠᠵᠢᠯ ᠤᠨ | ᠪᠠᠶᠢᠷᠢ ᠬᠠᠩᠭᠠᠵᠤ᠂ 1735 ᠠᠵᠢᠯᠲᠠᠨ ᠡᠯᠰᠡᠬᠦ ᠪᠣᠯᠤᠨ᠎ᠠ᠃ ᠠᠵᠤ ᠠᠬᠤᠶᠢᠯᠠᠯ ᠪᠠ ᠠᠵᠢᠯ ᠡᠷᠢᠭᠰᠡᠳ ᠦᠪᠦᠷ | ᠮᠤᠩᠭᠤᠯ ᠤᠨ ᠠᠵᠢᠯᠴᠢᠨ ᠤ ᠶᠡᠷᠦᠩᠬᠡᠢ ᠡᠪᠯᠡᠯ ᠤᠨ ᠵᠢᠷᠬᠢᠶ᠎ᠡ ᠶᠢᠨ ᠲᠠᠪᠴᠠᠩ ᠳᠠᠬᠢ ᠠᠵᠢᠯᠳᠠᠨ ᠡᠯᠰᠡᠬᠦ ᠡᠭᠦᠯᠡᠨ | ᠳᠠᠪᠴᠠᠩ ᠳᠤ ᠭᠠᠷᠴᠤ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠳᠤ ᠣᠷᠤᠯᠴᠠᠵᠤ ᠪᠣᠯᠤᠨ᠎ᠠ |