ᠠᠶᠠᠨᠴᠢᠳ ᠭᠠᠯᠲᠤ ᠲᠡᠷᠭᠡᠨ ᠥᠷᠲᠡᠭᠡᠨ ᠳᠤ ᠲᠠᠷᠢᠯᠭ᠎ᠠ ᠲᠠᠷᠢᠭᠤᠯᠵᠤ ᠪᠣᠯᠤᠨ᠎ᠠ
ᠨᠡᠶᠢᠲᠡᠯᠡᠭᠰᠡᠨ ᠴᠠᠭ᠄
2021/8/24
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠥᠬᠡᠶ ᠠᠶᠠᠨᠴᠢᠳ ᠬᠥᠬᠡᠬᠤᠲᠠ ᠳᠤ ᠢᠷᠡᠭᠰᠡᠨ ᠳᠠᠷᠤᠢ ᠸᠠᠺᠼᠢᠨ ᠤ ᠲᠠᠷᠢᠯᠭ᠎ᠠ ᠲᠠᠷᠢᠭᠤᠯᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠩᠭᠢ 8 ᠳ᠋ᠤᠭᠠᠷ ᠰᠠᠷ᠎ᠠ ᠶᠢᠨ 23 ᠤ ᠡᠳᠦᠷ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡ ᠳᠤ ᠣᠷᠣᠵᠤ ᠰᠠᠭᠤᠪᠠ᠃ ᠡᠮᠴᠢ ᠰᠤᠪᠢᠯᠠᠭᠴᠢᠳ ᠲᠤᠬᠠᠶ ᠶᠢᠨ ᠲᠠᠯᠠᠪᠤᠷ ᠲᠤ ᠠᠵᠢᠯ ᠢᠶᠠᠨ ᠲᠣᠳᠣᠷᠬᠠᠶ ᠬᠤᠪᠢᠶᠠᠵᠤ᠂ ᠲᠠᠷᠢᠯᠭ᠎ᠠ ᠲᠠᠷᠢᠭᠤᠯᠬᠤ ᠬᠥᠮᠥᠨ ᠤ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ᠂ ᠡᠪᠡᠳᠴᠢᠨ ᠤ ᠲᠡᠦᠬᠡ ᠶᠢ ᠯᠠᠪᠯᠠᠬᠤ᠂ ᠴᠢᠰᠤᠨ ᠳᠠᠷᠤᠯᠲᠠ ᠶᠢ ᠬᠡᠮᠵᠢᠬᠦ᠂ ᠸᠠᠺᠼᠢᠨ ᠤ ᠲᠠᠷᠢᠯᠭ᠎ᠠ ᠲᠠᠷᠢᠬᠤ᠂ ᠦᠯᠡᠳᠡᠭᠡᠵᠦ ᠠᠵᠢᠭᠯᠠᠬᠤ ᠵᠡᠷᠭᠡ ᠠᠵᠢᠯ ᠤᠨ ᠡᠯ᠎ᠡ ᠭᠤᠭᠴᠤᠭ᠎ᠠ ᠶᠢ ᠴᠥᠮ ᠡᠮᠬᠢ ᠵᠠᠮᠪᠠᠷᠠᠭ᠎ᠠ ᠲᠠᠢ ᠶᠠᠪᠤᠭᠳᠠᠭᠤᠯᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号