ᠰᠤᠷᠭᠠᠭᠤᠯᠢ ᠴᠤᠭᠯᠠᠬᠤ ᠭᠡᠵᠦ ᠪᠠᠶᠢᠭ᠎ᠠ ᠦᠶ᠎ᠡ ᠳᠤ ᠰᠤᠷᠤᠭᠴᠢᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠡᠷᠬᠢᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠣᠶ︖
ᠨᠡᠶᠢᠲᠡᠯᠡᠭᠰᠡᠨ ᠴᠠᠭ᠄
2021/8/25
     ᠠᠰᠠᠭᠤᠯᠲᠠ᠄ ᠰᠤᠷᠭᠠᠭᠤᠯᠢ ᠴᠤᠭᠯᠠᠬᠤ ᠭᠡᠵᠦ ᠪᠠᠶᠢᠭ᠎ᠠ ᠦᠶ᠎ᠡ ᠳᠤ ᠰᠤᠷᠤᠭᠴᠢᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠡᠷᠬᠢᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠣᠶ︖      ᠬᠠᠷᠢᠭᠤᠯᠲᠠ᠄      1. ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯᠯᠠᠵᠤ ᠠᠮᠠᠷᠠᠬᠤ ᠴᠠᠭ ᠢ ᠪᠠᠷᠢᠮᠲᠠᠯᠠᠨ᠂  ᠰᠠᠶᠢᠨ ᠤᠨᠲᠠᠵᠤ᠂  ᠰᠤᠷᠤᠯᠴᠠᠬᠤ ᠠᠮᠠᠷᠠᠬᠤ ᠶᠢ ᠤᠶᠠᠯᠳᠤᠭᠤᠯᠤᠨ᠂ ᠤᠳᠠᠭᠠᠨ ᠰᠠᠭᠤᠬᠤ ᠦᠭᠡᠢ ᠪᠠᠶᠢᠵᠤ᠂ ᠵᠣᠬᠢᠰᠲᠠᠶ ᠬᠥᠳᠡᠯᠭᠡᠭᠡᠨ ᠬᠢᠨ᠎ᠡ᠃ 12 ᠨᠠᠰᠤᠨ ᠠᠴᠠ ᠳᠡᠭᠡᠭᠰᠢᠬᠢ ᠰᠤᠷᠤᠭᠴᠢᠳ ᠸᠠᠺᠼᠢᠨ ᠤ ᠲᠠᠷᠢᠯᠭ᠎ᠠ ᠲᠠᠷᠢᠭᠤᠯᠬᠤ ᠬᠡᠷᠡᠭᠲᠡᠶ ᠂ ᠸᠠᠺᠼᠢᠨ ᠤ ᠲᠠᠷᠢᠯᠭ᠎ᠠ ᠲᠠᠷᠢᠭᠤᠯᠤᠭᠰᠠᠨ ᠤ ᠳᠠᠷᠠᠭ᠎ᠠ ᠮᠥᠨ ᠬᠦ ᠬᠢᠵᠢᠭ ᠢ ᠰᠡᠷᠭᠡᠶᠢᠯᠡᠬᠦ ᠶᠢ ᠰᠠᠶᠢᠳᠤᠷ ᠠᠩᠬᠠᠷᠬᠤ ᠬᠡᠷᠡᠭᠲᠡᠢ᠃      2. ᠬᠤᠪᠢ  ᠪᠡᠶ᠎ᠡ ᠶᠢᠨ ᠡᠷᠡᠭᠦᠯ ᠬᠠᠮᠠᠭᠠᠯᠠᠯ ᠢ ᠠᠩᠬᠠᠷᠴᠤ᠂  ᠭᠠᠷ ᠢᠶᠠᠨ ᠴᠠᠭ ᠲᠤᠬᠠᠢ ᠳᠤᠨᠢ ᠤᠬᠢᠶᠠᠵᠤ ᠠᠷᠢᠭᠤᠳᠬᠠᠨ᠂  ᠴᠡᠪᠡᠷᠭᠡᠨ ᠦᠭᠡᠢ ᠭᠠᠷ ᠢᠶᠠᠷ ᠢᠶᠠᠨ ᠠᠮᠠ᠂ ᠨᠢᠳᠦ᠂ ᠬᠠᠮᠠᠷ ᠲᠤ ᠬᠦᠷᠦᠯᠴᠡᠬᠦ ᠠᠴᠠ ᠵᠠᠶᠢᠯᠠᠰᠬᠢᠬᠤ ᠬᠡᠷᠡᠭᠲᠡᠢ᠂ ᠨᠠᠶᠢᠲᠠᠭᠠᠬᠤ᠂ ᠬᠠᠨᠢᠶᠠᠬᠤ ᠦᠶ᠎ᠡ ᠳᠤ ᠴᠠᠭᠠᠰᠤ ᠪᠠᠷ ᠠᠮᠠ᠂ ᠬᠠᠮᠠᠷ ᠢᠶᠠᠨ  ᠲᠠᠭᠯᠠᠬᠤ ᠪᠤᠶᠤ ᠲᠣᠬᠤᠢ ᠪᠠᠷ ᠢᠶᠠᠨ ᠬᠠᠯᠬᠠᠯᠠᠬᠤ ᠭᠡᠷᠡᠭᠲᠡᠢ᠃      3. ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠲᠤᠰᠠᠭᠠᠷ ᠬᠡᠷᠡᠭᠯᠡᠨ᠎ᠡ᠃      4. ᠬᠥᠮᠦᠨ ᠬᠠᠷ᠎ᠠ ᠨᠢᠭᠲᠠᠷᠠᠨ ᠴᠤᠭᠯᠠᠷᠠᠬᠤ ᠪᠠ ᠰᠠᠯᠬᠢ ᠨᠡᠪᠲᠡᠷᠡᠬᠦ ᠥᠬᠡᠶ ᠲᠠᠯᠠᠪᠤᠷ ᠲᠤ ᠣᠴᠢᠬᠤ ᠶᠢ ᠠᠯᠢ ᠴᠢᠳᠠᠬᠤ ᠪᠠᠷ ᠪᠠᠭᠠᠰᠬᠠᠵᠤ᠂ ᠴᠤᠭᠯᠠᠭᠠᠨ ᠬᠢᠬᠦ᠂ ᠬᠠᠮᠲᠤ ᠬᠤᠭᠤᠯᠠᠯᠠᠬᠤ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠎ᠠ᠃      5.ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠳᠠᠭᠠᠨ ᠠᠮᠠᠪᠴᠢ ᠵᠡᠭᠦᠬᠦ ᠬᠡᠷᠡᠭᠲᠡᠶ᠃ ᠠᠮᠠᠪᠴᠢ ᠨᠣᠷᠤᠭᠰᠠᠨ ᠪᠣᠶᠣ ᠪᠣᠬᠢᠷ ᠪᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠰᠣᠯᠢᠬᠤ ᠬᠡᠷᠡᠭᠲᠡᠶ᠃      6. ᠨᠢᠳᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠠ᠃ ᠵᠣᠬᠢᠰᠲᠠᠢ ᠰᠢᠨᠵᠢᠯᠡᠬᠦ ᠤᠬᠠᠭᠠᠨᠴᠢ ᠬᠦᠳᠡᠯᠭᠡᠭᠡᠨ ᠬᠢᠵᠦ᠂ ᠰᠢᠮ᠎ᠡ ᠲᠡᠵᠢᠭᠡᠯ ᠲᠠᠢ ᠢᠳᠡᠭᠡᠨ ᠤᠮᠳᠠᠭᠠᠨ ᠢ ᠲᠡᠩᠴᠡᠭᠦᠯᠵᠦ᠂  ᠰᠤᠷᠤᠯᠴᠠᠵᠤ ᠠᠮᠠᠷᠠᠬᠤ ᠶᠢ ᠰᠠᠶᠢᠲᠤᠷ ᠲᠣᠬᠢᠷᠠᠭᠤᠯᠵᠤ᠂ ᠪᠡᠶ᠎ᠡ ᠮᠠᠬᠠᠪᠣᠳ ᠤᠨ ᠦᠯᠦ ᠬᠠᠯᠳᠠᠭᠠᠬᠤ ᠴᠢᠳᠠᠯ ᠢ ᠳᠡᠭᠡᠭᠰᠢᠯᠡᠭᠦᠯᠦᠨ᠎ᠡ᠃      7. ᠡᠳᠦᠷ ᠪᠦᠷᠢ ᠥᠪᠡᠷᠲᠡᠭᠡᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠪᠡᠶ᠎ᠡ ᠶᠢᠨ ᠳᠤᠯᠠᠭᠠᠨ  ᠢᠶᠠᠨ ᠬᠡᠮᠵᠢᠨ ᠲᠡᠮᠳᠡᠭᠯᠡᠬᠦ ᠶᠢᠨ ᠬᠠᠮᠲᠤ ᠪᠤᠰᠤᠳ ᠰᠡᠵᠢᠭᠲᠡᠶ ᠡᠪᠡᠳᠴᠢᠨ ᠤ ᠢᠯᠡᠷᠡᠯ ᠪᠠᠶᠢᠬᠤ ᠡᠰᠡᠬᠦ ᠶᠢ ᠠᠩᠬᠠᠷᠤᠨ ᠠᠵᠢᠭᠯᠠᠵᠤ᠂ ᠬᠠᠯᠠᠭᠤᠷᠠᠬᠤ᠂ ᠬᠠᠨᠢᠶᠠᠬᠤ ᠵᠢᠴᠢ ᠪᠤᠰᠤᠳ ᠰᠡᠵᠢᠭᠲᠡᠶ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠠᠩᠭᠢ ᠶᠢᠨ ᠡᠷᠬᠢᠯᠡᠭᠴᠢ ᠳᠤ ᠪᠠᠨ ᠮᠡᠳᠡᠭᠦᠯᠦᠨ᠎ᠡ᠃      8. ᠠᠮᠢᠰᠬᠤᠯ ᠤᠨ ᠵᠠᠮ ᠤᠨ ᠡᠪᠡᠳᠴᠢᠨ ᠲᠠᠢ ᠦᠶ᠎ᠡ ᠳᠤ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ᠂ ᠬᠡᠷᠪᠡ ᠭᠠᠳᠠᠭᠰᠢ ᠭᠠᠷᠬᠤ ᠴᠢᠬᠤᠯᠠ ᠲᠠᠢ ᠪᠣᠯ ᠠᠮᠠᠪᠴᠢ ᠪᠠᠨ ᠵᠥᠪ ᠵᠡᠭᠦᠵᠦ᠂ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号