ᠮᠠᠨ ᠤ ᠬᠤᠲᠠ ᠶᠢᠨ ᠨᠥᠬᠦᠴᠡᠯ ᠳᠤ ᠨᠡᠶᠢᠴᠡᠬᠦ ᠬᠦᠯᠦᠰᠦᠨ ᠮᠠᠯᠴᠢᠨ ᠲᠠᠷᠢᠶᠠᠴᠢᠨ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠭᠤᠶᠤᠴᠢᠯᠠᠨ ᠠᠪᠴᠤ ᠪᠣᠯᠤᠨ᠎ᠠ
ᠨᠡᠶᠢᠲᠡᠯᠡᠭᠰᠡᠨ ᠴᠠᠭ᠄
2021/8/25
     ︵ᠰᠤᠷᠪᠤᠯᠵᠢᠯᠠᠭᠴᠢ ᠮᠢᠶᠣᠣ ᠴᠢᠩ︶ 8 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠢᠶᠠᠷ᠂ ᠨᠢᠭᠡᠴᠡ ᠶᠢᠨ ᠬᠢᠨ ᠭᠡᠷ᠎ᠡ ᠲᠤᠭᠲᠠᠨ ᠡᠯᠰᠡᠨ ᠬᠡᠷᠡᠭᠯᠡᠭᠰᠡᠨ ᠬᠦᠯᠦᠰᠦᠨ ᠮᠠᠯᠴᠢᠨ ᠲᠠᠷᠢᠶᠠᠴᠢᠨ ᠵᠠᠯᠭᠠᠭ᠎ᠠ ᠪᠠᠷ ᠠᠵᠢᠯᠯᠠᠭᠠᠳ  ᠠᠳᠠᠭ ᠲᠠᠭᠠᠨ ᠪᠦᠬᠦᠯᠢ 1 ᠵᠢᠯ ᠪᠣᠯᠵᠤ᠂ ᠲᠣᠰ ᠨᠢᠭᠡᠴᠡ ᠨᠢ ᠨᠢᠭᠡᠨᠲᠡ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠲᠤᠰᠢᠶᠠᠵᠤ  ᠥᠭᠭᠦᠭᠰᠡᠨ ᠪᠦᠭᠡᠳ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠨ ᠭᠡᠷ᠎ᠡ ᠲᠤᠭᠲᠠᠭᠰᠠᠨ ᠥᠬᠡᠶ ᠪᠤᠶᠤ ᠤᠷᠢᠳᠴᠢᠯᠠᠨ ᠭᠡᠷ᠎ᠡ ᠪᠠᠨ ᠬᠦᠴᠦᠨ ᠥᠬᠡᠶ ᠪᠣᠯᠭᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠭᠤᠶᠤᠴᠢᠯᠠᠵᠤ ᠪᠣᠯᠤᠨ᠎ᠠ᠃ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠥᠮᠦᠨ ᠴᠦᠮ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠭᠤᠶᠤᠴᠢᠯᠠᠨ  ᠠᠪᠴᠤ ᠪᠣᠯᠤᠨ᠎ᠠ᠃  ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠬᠥᠮᠦᠨ ᠬᠡᠷᠡᠭᠯᠡᠬᠦ ᠨᠢᠭᠡᠴᠡ ᠲᠠᠢ ᠬᠥᠳᠡᠯᠮᠦᠷᠢ ᠶᠢᠨ ᠬᠠᠷᠢᠴᠠᠭ᠎ᠠ ᠪᠠᠨ ᠬᠦᠴᠦᠨ ᠦᠭᠡᠢ ᠪᠣᠯᠭᠠᠭᠰᠠᠨ 60 ᠡᠳᠦᠷ ᠤᠨ ᠳᠣᠲᠣᠷ᠎ᠠ ᠰᠠᠶ᠋ᠢ ᠭᠤᠶᠤᠴᠢᠯᠠᠨ ᠠᠪᠴᠤ ᠪᠣᠯᠤᠨ᠎ᠠ ᠭᠡᠵᠦ ᠬᠢᠵᠠᠭᠠᠷᠯᠠᠬᠤ ᠦᠭᠡᠢ᠃      ᠣᠶᠢᠯᠠᠭᠠᠭᠰᠠᠨ ᠢᠶᠠᠷ᠂ ᠬᠦᠯᠦᠰᠦᠨ ᠮᠠᠯᠴᠢᠨ ᠲᠠᠷᠢᠶᠠᠴᠢᠨ ᠳᠤ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠣᠯᠭᠤᠬᠤ ᠬᠤᠭᠤᠴᠠᠭ᠎ᠠ ᠨᠢ᠄ ᠭᠡᠷ᠎ᠡ ᠲᠤᠭᠲᠠᠵᠤ ᠠᠵᠢᠯᠯᠠᠭᠰᠠᠨ ᠬᠦᠯᠦᠰᠦᠨ ᠮᠠᠯᠴᠢᠨ ᠲᠠᠷᠢᠶᠠᠴᠢᠨ ᠵᠠᠯᠭᠠᠭ᠎ᠠ ᠪᠠᠷ ᠪᠦᠬᠦᠯᠢ 1 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 2 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 2 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ  3 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 3 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 4 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 4 ᠵᠢᠯ  ᠠᠵᠢᠯᠯᠠᠭᠰᠠᠨ ᠪᠣᠯ ᠨᠢᠭᠡ ᠯᠡ ᠳᠡᠭᠡᠷ᠎ᠡ  5 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ 5 ᠵᠢᠯ ᠠᠵᠢᠯᠯᠠᠭᠰᠠᠨ ᠪᠣᠯ᠂ ᠨᠢᠭᠡ ᠯᠡ ᠳᠡᠭᠡᠷ᠎ᠡ 6 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 6 ᠵᠢᠯ ᠠᠵᠢᠯᠯᠠᠭᠰᠠᠨ ᠪᠠᠶᠢᠪᠠᠯ᠂ ᠨᠢᠭᠡ ᠯᠡ ᠳᠡᠭᠡᠷ᠎ᠡ 7 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 7 ᠵᠢᠯ ᠠᠵᠢᠯᠯᠠᠭᠰᠠᠨ ᠪᠣᠯ ᠨᠢᠭᠡ ᠯᠡ  ᠳᠡᠭᠡᠷ᠎ᠡ 8 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 8 ᠵᠢᠯ  ᠠᠵᠢᠯᠯᠠᠭᠰᠠᠨ ᠪᠣᠯ ᠨᠢᠭᠡ ᠯᠡ ᠳᠡᠭᠡᠷ᠎ᠡ 9 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 9 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ10 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠵᠠᠯᠭᠠᠭ᠎ᠠ ᠪᠠᠷ ᠪᠦᠬᠦᠯᠢ 10 ᠵᠢᠯ ᠠᠵᠢᠯᠯᠠᠭᠰᠠᠨ ᠪᠣᠯ ᠨᠢᠭᠡ ᠯᠡ ᠳᠡᠭᠡᠷ᠎ᠡ 12 ᠰᠠᠷ᠎ᠠ ᠶᠢᠨ ᠠᠮᠢᠳᠤᠷᠠᠯ ᠤᠨ ᠨᠥᠬᠦᠪᠥᠷᠢ ᠣᠯᠭᠤᠨ᠎ᠠ︔ ᠬᠠᠮᠤᠭ ᠤᠷᠲᠤ ᠳᠠᠭᠠᠨ 12 ᠰᠠᠷ᠎ᠠ ᠠᠴᠠ ᠬᠡᠳᠦᠷᠡᠬᠦ ᠦᠭᠡᠢ᠃      ᠨᠦᠬᠦᠪᠦᠷᠢ ᠣᠯᠭᠤᠬᠤ ᠪᠠᠷᠢᠮᠵᠢᠶ᠎ᠠ ᠨᠢ᠄ ᠨᠢᠭᠡᠳᠦᠯᠲᠡᠶ ᠲᠦᠯᠦᠪᠯᠡᠭᠰᠡᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 90% ᠪᠠᠷ ᠣᠯᠭᠤᠨ᠎ᠠ᠃ ᠠᠮᠢᠳᠤᠷᠠᠯ ᠤᠨ ᠨᠥᠬᠦᠪᠥᠷᠢ ᠠᠪᠤᠭᠰᠠᠨ  ᠬᠡᠷᠡᠭ ᠲᠤᠭᠲᠠᠨ ᠠᠵᠢᠯᠯᠠᠭᠰᠠᠨ ᠬᠦᠯᠦᠰᠦᠨ ᠮᠠᠯᠴᠢᠨ ᠲᠠᠷᠢᠶᠠᠴᠢᠨ ᠠᠵᠢᠯ ᠠᠯᠳᠠᠭᠰᠠᠳ ᠤᠨ ᠳᠠᠭᠠᠳᠬᠠᠯ ᠤᠨ ᠪᠤᠰᠤᠳ ᠬᠠᠷᠠᠭᠠᠯᠵᠠᠯ ᠢ ᠬᠦᠷᠳᠡᠬᠦ ᠦᠭᠡᠢ᠃      ᠭᠤᠶᠤᠴᠢᠯᠠᠬᠤ ᠠᠷᠭ᠎ᠠ ᠮᠠᠶ᠋ᠢᠭ᠄  ᠰᠦᠯᠵᠢᠶᠡᠨ ᠳᠡᠭᠡᠷ᠎ᠡ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠳᠤ ᠭᠠᠷᠴᠤ ︽ᠬᠤᠪᠢ ᠬᠥᠮᠦᠨ ᠳᠤ ᠦᠢᠯᠡᠴᠢᠯᠡᠬᠦ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠢᠩᠬᠢᠮ︾ ︵http://106.74.0.244:8081/personlogin//personlogin//personlogin︶ ᠳᠤ ᠣᠷᠣᠵᠤ ︽ᠬᠥᠬᠡ ᠬᠤᠲᠠ ᠶᠢᠨ ᠤᠶᠤᠨᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠭᠠᠷ  ᠤᠳᠠᠰᠤᠨ ᠤ App ︵ᠵᠥᠪᠬᠡᠨ Android ᠭᠠᠷ ᠤᠲᠠᠰᠤ ᠶᠢ ᠢᠯᠭᠠᠨ ᠲᠠᠨᠢᠨ᠎ᠠ︶ ᠢ ᠪᠠᠭᠤᠯᠭᠠᠬᠤ ᠪᠤᠶᠤ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠤᠨ᠎ᠠ᠃ ᠪᠠᠰᠠ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠭᠤᠶᠤᠴᠢᠯᠠᠨ ᠠᠪᠴᠤ ᠪᠣᠯᠤᠨ᠎ᠠ᠄ ᠬᠤᠲᠠ ᠶᠢᠨ ᠲᠣᠰ ᠱᠠᠲᠤᠨ ᠤ ᠳᠠᠭᠠᠳᠬᠠᠯ ᠳᠤ ᠣᠷᠣᠭᠰᠠᠨ ᠪᠠᠶᠢᠪᠠᠯ᠂ ᠬᠥᠬᠡᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠴᠣᠩᠬᠤᠨ ᠳᠤ ᠬᠦᠷᠴᠦ ᠭᠤᠶᠤᠴᠢᠯᠠᠨ ᠠᠪᠤᠨ᠎ᠠ ︵ᠬᠠᠶ᠋ᠢᠭ᠄ ᠰᠢᠨᠬᠤᠸᠠ ᠶᠡᠭᠡ ᠵᠡᠭᠡᠯᠢ ᠶᠢᠨ 87 ᠨᠣᠮᠧᠷ ᠤᠨ ᠨᠠᠢ ᠯᠦᠨ ᠣᠯᠠᠨ ᠤᠯᠤᠰ B ᠪᠠᠶᠢᠷᠢ ᠶᠢᠨ 3 ᠳ᠋ᠤᠭᠠᠷ  ᠳᠠᠪᠬᠤᠷ ᠤᠨ ᠲᠣᠮᠳᠠ ᠲᠢᠩᠬᠢᠮ ᠤᠨ 20᠂ 21 ᠨᠣᠮᠧᠷᠲᠤ ᠴᠣᠩᠬᠤ︶᠂ ᠬᠤᠰᠢᠭᠤ ᠰᠢᠶᠠᠨ ᠳᠤ ᠳᠠᠭᠠᠳᠬᠠᠯ ᠳᠤ ᠣᠷᠣᠭᠰᠠᠨ ᠪᠠᠶᠢᠪᠠᠯ᠂ ᠬᠤᠰᠢᠭᠤ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠰᠠᠯᠠᠭ᠎ᠠ ᠮᠥᠴᠢᠷ ᠲᠤ ᠭᠤᠶᠤᠴᠢᠯᠠᠨ  ᠠᠪᠤᠨ᠎ᠠ᠃ ᠭᠤᠶᠤᠴᠢᠯᠠᠨ ᠠᠪᠬᠤ ᠳᠤ ᠳᠣᠤᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄ ᠲᠣᠰ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ︵ᠨᠡᠶᠢᠭᠡᠮ ᠤᠨ ᠪᠠᠲᠤᠯᠠᠭ᠎ᠠ ᠶᠢᠨ ᠺᠠᠷᠲ ᠶᠢᠨ ᠬᠠᠷᠢᠶ᠎ᠠ ᠪᠠᠩᠬᠢ ᠳᠤ ᠬᠦᠷᠴᠦ  ᠺᠠᠷᠲ ᠤᠨ ᠢᠶᠠᠨ ᠮᠥᠩᠭᠦᠨ ᠭᠦᠢᠯᠭᠡᠭᠡᠨ ᠤ ᠴᠢᠳᠠᠮᠵᠢ ᠶᠢ ᠨᠢ ᠨᠡᠭᠡᠭᠡᠬᠦ ᠬᠡᠷᠡᠭᠲᠡᠶ︶᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号