ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/26
     8 ᠰᠠᠷ᠎ᠠ ᠶᠢᠨ 3 ᠤ ᠡᠳᠦᠷ ᠤᠨ ᠣᠷᠣᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠱᠢ ᠲᠠᠢ ᠹᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠶᠢᠨ ᠬᠤᠯᠪᠣᠭᠳᠠᠯ ᠪᠦᠬᠦᠢ ᠴᠣᠬᠤᠯᠠᠪᠤᠷᠢ ᠪᠣᠯᠤᠨ ᠬᠤᠳᠠ ᠶᠢᠨ ᠠᠮᠤᠷ ᠲᠦᠪᠰᠢᠨ ᠤ ᠠᠵᠢᠯ ᠢ ᠦᠨᠡᠨ ᠬᠦ ᠴᠢᠩᠭᠠᠳᠬᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠶᠢᠨ ᠵᠥᠪᠯᠡᠯ᠂ ᠤᠯᠤᠰ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠶᠢᠨ ᠵᠥᠪᠯᠡᠯ᠂ ᠤᠯᠤᠰ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠶᠡᠷᠦᠩᠬᠡᠶ ᠵᠠᠬᠢᠷᠭ᠎ᠠ ᠶᠢᠨ ᠮᠡᠳᠡᠭᠳᠡᠯ ᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠠᠵᠢᠯ ᠵᠢᠴᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠢ ᠵᠢᠯᠣᠭᠤᠳᠬᠤ ᠠᠯᠪᠠᠨ ᠭᠡᠷ ᠤᠨ ᠬᠠᠷᠢᠭᠤ ᠲᠤᠰᠬᠠᠭᠰᠠᠨ ᠳᠠᠯᠳᠠ ᠭᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃      ᠬᠤᠷᠠᠯ ᠠᠴᠠ ᠬᠤᠲᠠ ᠶᠢᠨ ᠵᠠᠰᠠᠭ ᠤᠨ ᠣᠷᠳᠣᠨ ᠤ ᠨᠠᠢᠮᠠᠳᠤᠭᠠᠷ ᠤᠳᠠᠭ᠎ᠠ ᠶᠢᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠬᠤ ᠬᠤᠷᠠᠯ ᠢ ᠤᠭᠲᠤᠬᠤ ᠵᠣᠷᠢᠭ ᠰᠠᠨᠠᠭ᠎ᠠ ᠶᠢ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ︾᠂ ︽ᠦᠴᠤᠸᠠᠨ ᠰᠢᠶᠠᠨ ᠤ ᠠᠭᠤᠷᠬᠠᠶ ᠶᠢᠨ ᠠᠵᠤ ᠠᠬᠤᠶᠢᠯᠠᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ︔ ᠠᠯᠲᠠᠨ ᠭᠤᠷᠪᠠᠯᠵᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠤᠷᠢᠳᠴᠢᠯᠠᠨ ᠰᠢᠢᠳᠪᠦᠷᠢᠯᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠳᠠᠯ ᠢ ᠰᠤᠳᠤᠯᠪᠠ᠃      ᠬᠤᠷᠠᠯ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃      ᠬᠠᠳᠠ ᠴᠢᠬᠤᠯᠠᠴᠢᠯᠠᠬᠤ ᠳᠠᠭᠠᠨ᠂ ᠣᠳᠣᠬᠠᠨ ᠳᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠬᠦᠨᠳᠦ ᠬᠡᠴᠡᠭᠦᠤ ᠪᠠᠶᠢᠵᠤ᠂ ᠴᠠᠭ ᠠᠭᠤᠷ ᠤᠨ ᠪᠠᠶᠢᠳᠠᠯ ᠪᠠᠶᠢᠨ ᠳᠠᠬᠢᠨ ᠡᠭᠦᠰᠴᠦ ᠪᠠᠶᠢᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶᠢᠯᠠᠨ ᠪᠠᠶᠢᠷᠢᠯᠠᠭᠤᠯᠵᠤ᠂ ᠡᠷᠲᠡ ᠠᠴᠠ ᠠᠷᠭ᠎ᠠ ᠰᠦᠪᠡᠭᠴᠢᠯᠡᠨ᠂ ᠦᠵᠡᠯ ᠰᠠᠨᠠᠭ᠎ᠠ ᠪᠠᠨ ᠨᠢᠭᠡᠳᠬᠡᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠠᠳᠬᠤᠬᠤ ᠬᠡᠷᠡᠭᠲᠡᠶ ᠭᠡᠵᠡᠶ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠤᠲᠠ ᠪᠠᠯᠭᠠᠰᠤ ᠶᠢᠨ ᠠᠮᠠᠷᠬᠠᠨ ᠤᠰᠤᠲᠤᠬᠤ ᠭᠠᠵᠠᠷ᠂ ᠭᠠᠵᠠᠷ ᠤᠨ ᠭᠠᠶ ᠭᠠᠮᠰᠢᠭ ᠤᠨ ᠬᠡᠮ ᠰᠣᠭᠤᠭ ᠤᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠠ ᠪᠠᠭᠤᠷᠠᠶ ᠭᠤᠭᠴᠤᠭ᠎ᠠ ᠳᠤ ᠲᠣᠤᠷ ᠲᠠᠲᠠᠵᠤ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠤᠨ ᠬᠡᠮ ᠰᠣᠭᠤᠭ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ︔ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠮᠡᠳᠡᠭᠡ ᠬᠤᠯᠪᠣᠭᠠᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠭᠠᠳᠠᠭᠰᠢ ᠨᠡᠶᠢᠲᠡᠯᠡᠬᠦ ᠬᠡᠷᠡᠭᠲᠡᠶ︔ ᠡᠯ᠎ᠡ ᠰᠢᠶᠠᠩ ᠪᠠᠯᠭᠠᠰᠤ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠬᠤ ᠶᠢᠨ ᠬᠠᠮᠲᠤ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠡᠬᠡ ᠳᠠᠩᠰᠠ ᠪᠠᠶᠢᠭᠤᠯᠵᠤ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠠᠶᠤᠯ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠶᠠᠨ ᠪᠠᠶᠢᠭᠤᠯᠵᠤ ᠲᠡᠭᠦᠯᠳᠡᠷᠵᠢᠭᠦᠯᠬᠦ ᠶᠢ ᠲᠦᠷᠭᠡᠳᠬᠡᠬᠦ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ ᠪᠠᠲᠤᠳᠬᠠᠵᠤ᠂ ᠰᠢᠶᠠᠨ ᠤ ᠱᠠᠲᠤᠨ ᠤ ᠤᠳᠤᠷᠢᠳᠤᠯᠭ᠎ᠠ ᠰᠢᠶᠠᠩ ᠲᠣᠰᠬᠤᠨ ᠢ ᠳᠠᠭᠠᠭᠠᠴᠢᠯᠠᠬᠤ᠂ ᠰᠢᠶᠠᠩ ᠤᠨ ᠱᠠᠲᠤᠨ ᠤ ᠤᠳᠤᠷᠢᠳᠤᠯᠭ᠎ᠠ ᠲᠣᠰᠬᠤᠨ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠰᠢᠶᠠᠨ ᠤ ᠤᠳᠤᠷᠢᠳᠤᠯᠭ᠎ᠠ ᠡᠭᠡᠯᠵᠢ ᠳᠠᠭᠠᠭᠤᠯᠤᠨ ᠵᠢᠵᠢᠭᠦᠷᠯᠡᠵᠦ᠂ 24 ᠴᠠᠭ ᠢᠶᠠᠷ ᠵᠢᠵᠢᠭᠦᠷᠯᠡᠨ ᠰᠠᠬᠢᠵᠤ᠂ ᠣᠨᠴᠠᠭᠠᠢ ᠪᠠᠶᠢᠳᠠᠯ ᠲᠤᠯᠭᠠᠷᠠᠪᠠᠯ ᠴᠠᠭ ᠲᠤᠬᠠᠢ ᠳᠤᠨᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠬᠡᠷᠡᠭᠲᠡᠢ᠂ ᠤᠳᠠᠭᠠᠰᠢᠷᠠᠭᠤᠯᠤᠨ ᠮᠡᠳᠡᠭᠦᠯᠵᠦ᠂ ᠣᠷᠬᠢᠭᠳᠠᠭᠤᠯᠤᠨ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠂ ᠪᠦᠬᠦ ᠰᠢᠶᠠᠨ ᠤ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠠᠯ᠎ᠠ ᠪᠠᠷ ᠬᠠᠳᠠ ᠴᠢᠬᠤᠯᠠᠴᠢᠯᠠᠬᠤ ᠳᠠᠭᠠᠨ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠱᠠᠭᠠᠷᠳᠠᠯᠭ᠎ᠠ ᠪᠠ ᠵᠢᠷᠤᠮᠵᠢᠭᠤᠯᠤᠯ ᠲᠠᠢ ᠪᠠᠶᠢᠯᠭᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠢ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶ᠎ᠡ᠂ ᠡᠮᠴᠢᠯᠡᠭᠡᠨ ᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠠᠵᠢᠯ ᠨᠢᠭᠡᠪᠦᠷᠢ᠂ ᠡᠭᠦᠷᠭᠡ ᠨᠢᠭᠡᠪᠦᠷᠢ᠂ ᠠᠷᠭ᠎ᠠ ᠬᠡᠮᠵᠢᠶ᠎ᠡ ᠨᠢᠭᠡᠪᠦᠷᠢ ᠶᠢ ᠦᠨᠡᠨᠬᠦ ᠬᠥᠮᠦᠨ ᠳᠤᠨᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠳᠤᠨᠢ ᠨᠠᠶᠢᠳᠠᠪᠤᠷᠢᠵᠢᠭᠤᠯᠤᠨ᠂ ᠪᠤᠲᠠᠲᠠᠶᠢᠵᠢᠭᠤᠯᠬᠤ ᠬᠡᠷᠡᠭᠲᠡᠢ ᠭᠡᠪᠡ᠃      ᠬᠠᠳᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠤᠨ ᠲᠤᠬᠠᠢ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠪᠠ ᠪᠦᠬᠦ ᠲᠠᠯ᠎ᠠ ᠶᠢᠨ ᠦᠨᠳᠦᠷᠴᠡ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠤᠯᠤᠰ ᠲᠦᠷᠦᠴᠢ ᠴᠢᠨᠠᠷ ᠪᠣᠯᠤᠨ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠷᠭᠡᠨ ᠬᠥᠳᠡᠯᠦᠯᠴᠡᠵᠦ᠂ ᠡᠯ᠎ᠡ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号