︵ᠰᠤᠷᠪᠤᠯᠵᠢᠯᠠᠭᠴᠢ ᠶᠦᠨ ᠶᠠᠨ ᠹᠠᠩ︶ 8 ᠳ᠋ᠤᠭᠠᠷ ᠰᠠᠷ᠎ᠠ ᠶᠢᠨ 25 ᠤ ᠡᠳᠦᠷ᠂ ᠬᠤᠯᠠᠨᠳ᠋ ᠤᠨ | ᠬᠤᠷᠰᠢᠭᠰᠠᠨ ᠪᠠᠩᠬᠢ 2021 ᠣᠨ ᠤ ︽ᠪᠦᠬᠦ ᠪᠥᠮᠪᠥᠷᠴᠡᠭ ᠤᠨ ᠰᠦ ᠶᠢᠨ ᠦᠢᠯᠡᠰ ᠤᠨ 20 ᠬᠦᠴᠦᠷᠬᠡᠭ︾ | ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠢᠯᠢ ᠵᠠᠯᠭᠠᠭ᠎ᠠ ᠪᠠᠷ ᠲᠠᠪᠤᠳᠠᠬᠢ ᠵᠢᠯ ᠪᠦᠬᠦ ᠪᠥᠮᠪᠥᠷᠴᠡᠭ ᠤᠨ | ᠲᠠᠪᠤᠨ ᠬᠦᠴᠦᠷᠬᠡᠭ ᠢᠶᠠᠷ ᠲᠤᠳᠤᠷᠠᠵᠤ᠂ 8 ᠵᠢᠯ ᠳᠠᠷᠠᠭᠠᠯᠠᠨ ᠠᠽᠢᠶ᠎ᠠ ᠲᠢᠪ ᠤᠨ ᠰᠦ ᠶᠢᠨ ᠦᠢᠯᠡᠰ ᠤᠨ | ᠨᠢᠭᠡᠳᠦᠭᠡᠷ ᠲᠤ ᠣᠷᠣᠵᠤ᠂ ᠳᠠᠬᠢᠨᠲᠠ ᠪᠦᠬᠦ ᠪᠥᠮᠪᠥᠷᠴᠡᠭ ᠤᠨ ᠲᠠᠪᠤᠨ ᠬᠦᠴᠦᠷᠬᠡᠭ ᠲᠤ ᠤᠷᠤᠭᠰᠠᠨ ᠴᠤᠷ ᠤᠨ | ᠭᠠᠭᠴᠠ ᠳᠤᠮᠳᠠᠳᠤ ᠤᠯᠤᠰ ᠤᠨ ᠰᠦ ᠶᠢᠨ ᠠᠵᠤ ᠠᠬᠤᠶᠢᠯᠠᠯ ᠪᠤᠯᠵᠤ᠂ ᠳᠤᠮᠳᠠᠳᠤ ᠤᠯᠤᠰ ᠤᠨ ᠰᠦ ᠶᠢᠨ | ᠦᠢᠯᠡᠰ ᠤᠨ ᠳᠠᠭᠠᠭᠤᠯᠤᠭᠴᠢ ᠶᠢᠨ ᠬᠦᠴᠦᠷᠬᠡᠭ ᠶᠡᠭᠡ ᠪᠣᠳᠠᠲᠤ ᠬᠦᠴᠦᠨ ᠢ ᠢᠯᠡᠷᠡᠭᠦᠯᠪᠡ᠃ | ᠬᠤᠯᠠᠨᠳ᠋ ᠤᠨ ᠬᠤᠷᠰᠢᠭᠰᠠᠨ ᠪᠠᠩᠬᠢ ᠶᠢᠨ ︽ᠪᠥᠬᠦ ᠳᠡᠯᠡᠬᠡᠶ ᠶᠢᠨ ᠰᠦ ᠶᠢᠨ ᠦᠢᠯᠡᠰ ᠤᠨ 20 ᠬᠦᠴᠦᠷᠬᠡᠭ︾ | ᠤᠨ ᠨᠡᠷᠡᠰ ᠤᠨ ᠵᠢᠭᠰᠠᠭᠠᠯᠲᠠ ᠨᠢ ᠪᠥᠬᠦ ᠳᠡᠯᠡᠬᠡᠶ ᠶᠢᠨ ᠡᠯ᠎ᠡ ᠲᠣᠮᠣ ᠴᠠᠭᠠᠨ ᠢᠳᠡᠭᠡᠨ ᠤ ᠠᠵᠤ ᠠᠬᠤᠶᠢᠯᠠᠯ ᠤᠨ | ᠪᠣᠷᠣᠯᠠᠭᠤᠯᠤᠯᠲᠠ ᠶᠢᠨ ᠲᠤᠭ᠎ᠠ ᠪᠠᠷᠢᠮᠲᠠ ᠪᠠ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠮᠡᠳᠡᠭᠡ | ᠵᠠᠩᠭᠢ ᠪᠠᠷ ᠭᠤᠤᠯ ᠦᠨᠳᠦᠰᠦᠯᠡᠯ ᠪᠣᠯᠭᠠᠵᠤ᠂ ᠣᠳᠣᠬᠠᠨ ᠤ ᠪᠥᠬᠦ ᠳᠡᠯᠡᠬᠡᠶ ᠶᠢᠨ ᠰᠦ ᠶᠢᠨ ᠦᠢᠯᠡᠰ ᠤᠨ ᠡᠷᠬᠡ | ᠰᠦᠷᠲᠦ ᠨᠡᠷᠡᠰ ᠤᠨ ᠵᠢᠭᠰᠠᠭᠠᠯᠲᠠ ᠶᠢᠨ ᠨᠢᠭᠡ ᠪᠣᠯᠤᠨ᠎ᠠ᠃ 2020 ᠣᠨ ᠤ ᠨᠠᠷᠢᠨ ᠪᠤᠳᠤᠯᠢᠶᠠᠨᠲᠠᠢ ᠬᠤᠪᠢᠷᠠᠯᠲᠠ | ᠶᠡᠬᠡᠲᠡᠢ ᠪᠦᠬᠦ ᠪᠥᠮᠪᠥᠷᠴᠡᠭ ᠤᠨ ᠠᠵᠤ ᠠᠬᠤᠢ ᠶᠢᠨ ᠣᠷᠴᠢᠨ ᠪᠠᠶᠢᠳᠠᠯ ᠳᠤ᠂ ᠢᠯᠢ ᠥᠨᠳᠥᠷ ᠬᠠᠷᠠᠯᠲᠠ ᠪᠠᠷ | ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠥᠷᠢᠰᠥᠯᠳᠦᠭᠡᠨ ᠤ | ᠳᠠᠪᠠᠭᠤᠯᠢᠭ ᠢᠶᠠᠷ ᠢᠶᠠᠨ ᠤᠷᠢᠳᠤ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ᠂ ᠥᠨᠳᠥᠷ ᠨᠡᠮᠡᠭᠳᠡᠯ ᠢ | ᠪᠡᠶᠡᠯᠡᠭᠦᠯᠦᠭᠰᠡᠨ ᠴᠦᠭᠡᠨ ᠲᠤᠭᠠᠨ ᠤ ᠰᠦ ᠶᠢᠨ ᠠᠵᠤ ᠠᠬᠤᠶᠢᠯᠠᠯ ᠪᠤᠯᠵᠤ᠂ ᠪᠦᠬᠦ ᠪᠥᠮᠪᠥᠷᠴᠡᠭ ᠤᠨ ᠰᠦ ᠶᠢᠨ | ᠦᠢᠯᠡᠰ ᠤᠨ ᠲᠠᠪᠤᠨ ᠬᠦᠴᠦᠷᠬᠡᠭ ᠤᠨ ᠨᠡᠷ᠎ᠡ ᠨᠢᠳᠡᠷ ᠲᠡᠭᠡᠨ ᠲᠡᠩᠴᠡᠭᠰᠡᠨ ᠪᠠᠶᠢᠨ᠎ᠠ᠃ | 2020 ᠣᠨ ᠳᠤ ᠠᠩᠬ᠎ᠠ ᠤᠳᠠᠭ᠎ᠠ ᠪᠦᠬᠦ ᠪᠥᠮᠪᠥᠷᠴᠡᠭ ᠤᠨ ᠲᠠᠪᠤᠨ ᠬᠦᠴᠦᠷᠬᠡᠭ ᠲᠤ ᠤᠷᠤᠭᠰᠠᠨ ᠠᠴᠠ | 2021 ᠣᠨ ᠳᠤ ᠠᠮᠵᠢᠯᠲᠠ ᠲᠠᠢ ᠪᠠᠷ ᠲᠠᠷᠠᠭᠠᠯᠠᠨ ᠲᠠᠪᠤᠳᠠᠬᠢ ᠵᠢᠯ ᠢᠶᠠᠨ ᠲᠠᠪᠤᠨ ᠬᠦᠴᠦᠷᠬᠡᠭ ᠤᠨ ᠰᠠᠭᠤᠳᠠᠯ ᠳᠤ | ᠰᠠᠭᠤᠵᠤ᠂ ᠢᠯᠢ ᠪᠠᠰᠠ ᠨᠢᠭᠡ ᠤᠳᠠᠭ᠎ᠠ ᠶᠢᠨ ᠬᠥᠭᠵᠢᠯᠲᠡ ᠶᠢᠨ ᠳᠠᠪᠠᠯᠲᠠ ᠶᠢ ᠪᠡᠶᠡᠯᠡᠭᠦᠯᠵᠦ᠂ ᠪᠦᠬᠦ | ᠪᠥᠮᠪᠥᠷᠴᠡᠭ ᠤᠨ ᠰᠦ ᠶᠢᠨ ᠦᠢᠯᠡᠰ ᠤᠨ ᠨᠢᠭᠡᠳᠦᠭᠡᠷ ᠡᠩᠨᠡᠭᠡᠨ ᠤ ᠲᠥᠪ ᠲᠤ ᠵᠣᠭᠰᠣᠵᠠᠢ ᠭᠡᠵᠦ ᠬᠡᠯᠡᠵᠦ ᠪᠣᠯᠤᠨ᠎ᠠ᠃ | 2021 ᠣᠨ ᠳᠤ᠂ ᠢᠯᠢ ᠲᠤᠭᠲᠠᠭᠤᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ 2021 | ᠣᠨ ᠤ ᠨᠢᠭᠡᠳᠦᠭᠡᠷ ᠤᠯᠠᠷᠢᠯ ᠤᠨ ᠮᠡᠳᠡᠭᠦᠯᠦᠯᠲᠡ ᠳᠤ ᠢᠯᠡᠷᠡᠭᠰᠡᠨ ᠢᠶᠠᠷ᠂ ᠢᠯᠢ ᠶᠢᠨ ᠨᠢᠭᠡᠳᠦᠭᠡᠷ ᠤᠯᠠᠷᠢᠯ ᠳᠤ | ᠪᠡᠶᠡᠯᠡᠭᠦᠯᠦᠭᠰᠡᠨ ᠡᠵᠡᠩᠨᠡᠯᠲᠡ ᠶᠢᠨ ᠪᠥᠬᠦ ᠣᠷᠣᠯᠭ᠎ᠠ 273.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 32.49% ᠪᠠᠷ ᠨᠡᠮᠡᠭᠳᠡᠨ᠂ ︽ᠲᠡᠤᠬᠡᠨ ᠳᠡᠭᠡᠷᠡᠬᠢ ᠬᠠᠮᠤᠭ ᠤᠨ ᠬᠦᠴᠦᠷᠬᠡᠭ ᠨᠢᠭᠡ | ᠤᠯᠠᠷᠢᠯ ᠤᠨ ᠮᠡᠳᠡᠭᠦᠯᠦᠯᠲᠡ︾ ᠪᠣᠯᠵᠤ᠂ ᠢᠯᠢ ᠶᠢᠨ ᠬᠤᠶᠢᠳᠤᠬᠢ ᠮᠢᠩᠭᠠᠨ ᠳ᠋ᠦᠩᠰᠢᠭᠤᠷ ᠤᠨ ᠴᠠᠭ ᠦᠶ᠎ᠡ ᠳᠤ | ᠲᠦᠷᠦᠭᠦᠯᠡᠨ ᠣᠷᠣᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | ᠪᠥᠬᠦ ᠪᠥᠮᠪᠥᠷᠴᠡᠭ ᠤᠨ ᠰᠦ ᠶᠢᠨ ᠦᠢᠯᠡᠰ ᠤᠨ ᠨᠢᠭᠡᠳᠦᠭᠡᠷ ᠡᠩᠨᠡᠭᠡ ᠳᠤ ᠪᠠᠲᠤ ᠵᠣᠭᠰᠣᠭᠰᠠᠨ ᠢᠯᠢ | ᠢᠷᠡᠭᠡᠳᠦᠶ ᠳᠤ ᠪᠥᠬᠦ ᠪᠥᠮᠪᠥᠷᠴᠡᠭ ᠤᠨ ᠡᠯ᠎ᠡ ᠲᠠᠯ᠎ᠠ ᠶᠢᠨ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠵᠤ᠂ ︽ | ᠬᠤᠤᠰ ᠣᠷᠴᠢᠯ︾ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ︽ | ᠪᠥᠬᠦ ᠪᠥᠮᠪᠥᠷᠴᠡᠭ ᠤᠨ ᠡᠷᠡᠭᠦᠯ ᠡᠩᠬᠡ ᠠᠮᠢ ᠠᠬᠤᠶ ᠶᠢᠨ ᠬᠦᠷᠢᠶ᠎ᠡ︾ ᠶᠢ ᠲᠦᠷᠭᠡᠯᠡᠨ ᠪᠠᠶᠢᠭᠤᠯᠵᠤ᠂ ︽ᠪᠥᠬᠦ | ᠪᠥᠮᠪᠥᠷᠴᠡᠭ ᠤᠨ ᠰᠦ ᠶᠢᠨ ᠦᠢᠯᠡᠰ ᠤᠨ ᠭᠤᠷᠪᠠᠨ ᠬᠦᠴᠦᠷᠬᠡᠭ︾ ᠤᠨ ᠳᠤᠮᠳᠠ ᠬᠤᠭᠤᠴᠠᠭᠠᠨ ᠤ ᠬᠠᠷᠠᠯᠲᠠ ᠪᠠ ︽ | ᠪᠥᠬᠦ ᠪᠥᠮᠪᠥᠷᠴᠡᠭ ᠤᠨ ᠰᠦ ᠶᠢᠨ ᠦᠢᠯᠡᠰ ᠤᠨ ᠮᠠᠩᠯᠠᠢ︾ ᠶᠢᠨ ᠣᠷᠳᠣ ᠬᠤᠭᠤᠴᠠᠭᠠᠨ ᠤ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠠᠰᠢ ᠯᠠᠪᠳᠠᠭᠤᠨ ᠢᠶᠠᠷ ᠤᠷᠤᠭᠰᠢᠯᠠᠬᠤ ᠪᠣᠯᠤᠨ᠎ᠠ᠃ |