ᠤᠶᠢᠷ᠎ᠡ ᠶᠢᠨ ᠡᠳᠦᠷ᠂ ᠬᠥᠬᠡᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠺᠤᠮᠫᠠᠨᠢ ᠠᠴᠠ ᠬᠥᠬᠡᠬᠤᠲᠠ ᠶᠢᠨ | ᠰᠢᠨ᠎ᠡ ᠨᠢᠰᠬᠡᠯ ᠤᠨ ᠪᠠᠭᠤᠳᠠᠯ ᠤᠨ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠲᠣᠭᠲᠠᠭᠠᠬᠤ ᠬᠤᠶᠠᠳᠤᠭᠠᠷ ᠤᠳᠠᠭ᠎ᠠ ᠶᠢᠨ ᠲᠤᠰᠬᠠᠶ ᠮᠡᠷᠭᠡᠵᠢᠯᠲᠡᠨ ᠤ ᠦᠨᠡᠯᠡᠨ | ᠬᠢᠨᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠤ᠂ ᠭᠤᠸᠠᠩᠵᠧᠦ᠂ ᠱᠠᠩᠬᠠᠶ᠂ ᠱᠧᠨ᠋ᠵᠧᠨ᠂ ᠪᠡᠭᠡᠵᠢᠩ ᠵᠢᠴᠢ ᠮᠠᠨ ᠤ ᠤᠷᠤᠨ ᠤ ᠠᠷᠠᠳ ᠤᠨ | ᠠᠭᠠᠷ ᠠᠶᠠᠯᠠᠯ ᠤᠨ ᠬᠦᠷᠢᠶᠡᠨ ᠳᠠᠬᠢ 9 ᠨᠠᠷᠠᠲᠤ ᠲᠤᠰᠬᠠᠶ ᠮᠡᠷᠭᠡᠵᠢᠯᠲᠡᠨ ᠢ ᠤᠷᠢᠵᠦ᠂ ᠳᠤᠰᠬᠠᠢ ᠮᠡᠷᠭᠡᠵᠢᠯᠳᠡᠳ | ᠰᠦᠯᠵᠢᠶᠡᠨ ᠳᠡᠭᠡᠷ᠎ᠡ ᠪᠠ ᠪᠤᠳᠠᠳᠠᠢ ᠬᠤᠷᠠᠯ ᠳᠤ ᠤᠷᠤᠯᠴᠠᠬᠤ ᠬᠡᠯᠪᠡᠷᠢ ᠪᠠᠷ ᠳᠡᠮᠵᠢᠨ᠂ ᠨᠢᠭᠡᠳᠦᠭᠡᠷ ᠤᠳᠠᠭᠠᠨ ᠤ | ᠦᠨᠡᠯᠡᠨ ᠬᠢᠨᠠᠭᠰᠠᠨ ᠰᠠᠭᠤᠷᠢᠨ ᠳᠡᠭᠡᠷ᠎ᠡ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ︽ᠤᠶᠤᠨᠲᠤ | ᠨᠢᠰᠬᠡᠯ ᠤᠨ ᠪᠠᠭᠤᠳᠠᠯ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠠᠨᠠᠯ ᠰᠠᠨᠠᠭᠤᠯᠭ᠎ᠠ ᠳᠤᠷᠠᠳᠪᠠ᠃ | ᠲᠤᠰᠬᠠᠶ ᠮᠡᠷᠭᠡᠵᠢᠯᠲᠡᠳ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠰᠡᠳᠦᠪ ᠲᠣᠭᠲᠠᠭᠠᠬᠤ ᠲᠥᠷᠥᠯ ᠵᠦᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠮᠠᠲ᠋ᠧᠷᠢᠶᠠᠯ᠂ ᠠᠰᠠᠭᠤᠯᠲᠠ ᠬᠠᠷᠢᠭᠤᠯᠲᠠ᠂ ᠶᠠᠷᠢᠯᠴᠠᠭ᠎ᠠ ᠵᠡᠷᠭᠡ | ᠭᠤᠭᠴᠤᠭ᠎ᠠ ᠶᠢ ᠬᠢᠨᠠᠨ ᠦᠵᠡᠵᠦ᠂ ︽ᠤᠶᠤᠨᠲᠤ ᠨᠢᠰᠬᠡᠯ ᠤᠨ ᠪᠠᠭᠤᠳᠠᠯ︾ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠰᠡᠳᠦᠪ ᠲᠣᠭᠲᠠᠭᠠᠬᠤ ᠶᠢ ᠵᠥᠪᠰᠢᠶᠡᠷᠡᠪᠡ᠃ ᠲᠣᠰ ᠤᠳᠠᠭᠠᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠰᠦᠯ ᠢ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ︽ᠤᠶᠤᠨᠲᠤ ᠨᠢᠰᠬᠡᠯ ᠤᠨ | ᠪᠠᠭᠤᠳᠠᠯ︾ ᠤᠨ ᠪᠥᠲᠥᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠵᠢᠯᠣᠭᠤᠳᠬᠤ ᠲᠥᠰᠦᠯ ᠪᠣᠯᠭᠠᠬᠤ ᠪᠠᠷ | ᠰᠠᠨᠠᠭᠤᠯᠪᠠ᠃ |