ᠦᠴᠤᠸᠠᠨ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/3
      ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠪᠣᠯᠬᠤ ᠭᠡᠵᠦ ᠪᠠᠶᠢᠭ᠎ᠠ ᠲᠠᠰᠢᠷᠠᠮ ᠢᠶᠠᠷ᠂ 7 ᠰᠠᠷ᠎ᠠ ᠶᠢᠨ 30 ᠤ ᠦᠳᠡ ᠶᠢᠨ ᠬᠤᠶᠢᠨ᠎ᠠ᠂ ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᠬᠠᠳᠠ᠂ ᠱᠢ ᠰᠢᠩ ᠴᠢᠶᠠᠩ᠂ ᠸᠧᠨ ᠯᠢᠨ ᠹᠠᠨ ᠲᠣᠬᠤᠨᠢᠭᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠢᠷᠠᠭᠤ ᠠᠯᠳᠠᠷ ᠤᠨ ᠬᠦᠷᠢᠶᠡᠯᠡᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠤᠯᠠᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠲᠡᠳᠡᠨ ᠳᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠪᠡ᠃
     ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠳᠤ᠂ ᠶᠠᠩ ᠰᠢᠩ ᠱᠧᠩ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠶᠢᠰᠢᠳᠠ ᠶᠢᠨ ᠦᠴᠤᠸᠠᠨ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠪᠤᠴᠠ ᠳᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠦᠴᠤᠸᠠᠨ ᠰᠢᠶᠠᠨ ᠤ ᠰᠠᠶᠢᠨ ᠰᠠᠶᠢᠬᠠᠨ ᠢᠷᠡᠭᠡᠳᠦᠢ ᠶᠢᠨ ᠲᠥᠯᠥᠭᠡ ᠴᠢᠷᠮᠠᠶᠢᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠢᠷᠠᠭᠤ ᠠᠯᠳᠠᠷ ᠤᠨ ᠬᠦᠷᠢᠶᠡᠯᠡᠩ ᠳᠤ᠂ ᠶᠠᠩ ᠰᠢᠩ ᠱᠧᠩ ᠨᠠᠰᠤᠲᠠᠶᠢᠴᠤᠳ ᠲᠠᠢ ᠨᠢᠭᠡᠳ ᠨᠢᠭᠡ ᠪᠠᠷ ᠭᠠᠷ ᠠᠳᠬᠤᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠴᠡᠷᠢᠭ ᠠᠴᠠ ᠬᠠᠯᠠᠭᠳᠠᠭᠰᠠᠳ ᠤᠯᠤᠰ ᠪᠣᠯᠤᠨ ᠨᠡᠶᠢᠭᠡᠮ ᠤᠨ ᠲᠣᠭᠲᠠᠭᠤᠨ ᠳᠤ ᠴᠢᠬᠤᠯᠠ ᠬᠤᠪᠢ ᠨᠡᠮᠡᠷᠢ ᠦᠵᠡᠭᠦᠯᠵᠡᠢ᠂ ᠡᠨᠡ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠬᠡ ᠪᠣᠯᠤᠨ᠎ᠠ᠂ ᠨᠠᠮ ᠪᠣᠯᠤᠨ ᠵᠠᠰᠠᠭ ᠤᠨ ᠣᠷᠳᠣᠨ ᠤᠯᠠᠨ ᠤ ᠴᠢᠷᠮᠠᠶᠢᠯᠭ᠎ᠠ ᠶᠢ ᠡᠭᠦᠷᠢᠳᠡ ᠮᠠᠷᠲᠠᠬᠤ ᠦᠭᠡᠢ ᠶᠤᠮ ᠭᠡᠵᠦ ᠬᠡᠯᠡᠪᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠨᠠᠰᠤᠲᠠᠶᠢᠴᠤᠳ ᠤᠨ ᠠᠮᠢᠳᠤᠷᠠᠯ ᠢ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠬᠠᠷᠠᠭᠠᠯᠵᠠᠵᠤ᠂ ᠲᠡᠳᠡᠨ ᠢ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠲᠣᠬᠤᠨᠢᠭᠤᠯᠬᠤ ᠳᠤᠮᠳᠠ᠂ ᠬᠦᠷᠦᠭᠰᠡᠨ ᠭᠠᠵᠠᠷ ᠪᠣᠯᠭᠠᠨ ᠳᠤ᠂ ᠶᠠᠩ ᠰᠢᠩ ᠱᠧᠩ ᠡᠯ᠎ᠡ ᠰᠠᠯᠠᠭ᠎ᠠ ᠮᠥᠴᠢᠷ ᠤᠨ ᠠᠵᠢᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠰᠢᠶᠠᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠤᠯᠠᠨ ᠤ ᠡᠯ᠎ᠡ ᠵᠦᠢᠯ ᠤᠨ ᠠᠵᠢᠯ ᠢ ᠳᠡᠮᠵᠢᠵᠦ᠂ ᠬᠠᠷᠢᠯᠴᠠᠨ ᠬᠠᠮᠵᠢᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号