ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/3
     7 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠭᠢᠯᠡᠪᠡ᠃
     ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠰᠢᠨ᠎ᠡ ᠨᠢᠭᠡ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠪᠠ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠵᠢᠱᠢᠭᠳᠡᠭᠰᠡᠳ ᠤᠨ ᠨᠡᠷᠡᠰ ᠢ ᠲᠣᠭᠲᠠᠭᠠᠪᠠ︔ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ ︵ᠲᠥᠰᠦᠯ︶ ᠶᠢ ᠬᠢᠨᠠᠨ ᠶᠠᠷᠢᠯᠴᠠᠪᠠ︔ ᠶᠡᠷᠦᠩᠬᠡᠶ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠶᠠᠷᠢᠯᠴᠠᠵᠤ  ᠪᠠᠲᠤᠯᠠᠪᠠ︔ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ ᠳᠤ ᠵᠠᠰᠠᠪᠤᠷᠢ ᠣᠷᠣᠭᠤᠯᠤᠭᠰᠠᠨ ᠨᠤᠤᠷᠠᠭ︶ ᠶᠢ ᠬᠢᠨᠠᠨ ᠲᠣᠭᠲᠠᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号