ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠪᠥᠭᠦᠳᠡ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/3
     7 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠪᠥᠭᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃
     ᠲᠤᠰ ᠤᠳᠠᠭ᠎ᠠ ᠶᠢᠨ ᠬᠤᠷᠠᠯ ᠳᠤ ᠣᠷᠣᠯᠴᠠᠭᠰᠠᠨ ᠨᠠᠮ ᠤᠨ ᠲᠥᠯᠥᠭᠡᠯᠡᠭᠴᠢ 221 ᠬᠥᠮᠦᠨ᠂ ᠪᠣᠳᠠᠲᠠᠢ ᠣᠷᠣᠯᠴᠠᠭᠰᠠᠨ ᠨᠢ 216 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠠᠩ ᠰᠢᠩ ᠱᠧᠩ ᠬᠤᠷᠠᠯ ᠢ ᠡᠷᠬᠢᠯᠡᠪᠡ᠃ ᠬᠤᠳᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠲᠠᠪᠤᠳᠤᠭᠠᠷ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠦ᠋ ᠶᠦᠩ ᡁᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᠬᠠᠳᠠ᠂ ᠷᠧᠨ ᠶᠠᠨ ᠰᠢᠶᠠᠩ᠂ ᠰᠢᠶᠧ ᠴᠢᠦᠶ ᠫᠢᠩ᠂ ᠸᠠᠩ ᠳ᠋ᠦᠩ ᠸᠧᠨ᠂ ᠶᠠᠩ ᠶᠦᠩ ᠭᠠᠩ᠂ ᠴᠢᠶᠣᠤ ᠸᠤᠨ ᠵᠢᠶᠧ᠂ ᠱᠢ ᠰᠢᠩ ᠴᠢᠶᠠᠩ᠂ ᠴᠢ ᠫᠦ᠋᠂ ᠯᠢ ᠮᠢᠨ᠂ ᡁᠢ ᠵᠢᠶᠠᠨ ᠭᠠᠩ᠂ ᠶᠠᠨ ᠰᠢᠶᠠᠨ ᠦ᠋ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠶ᠃
     ᠬᠤᠷᠠᠯ ᠤᠨ ᠲᠠᠯᠠᠪᠠᠢ ᠶᠢᠨ ᠰᠠᠬᠢᠯᠭ᠎ᠠ ᠪᠠᠲᠤ ᠴᠢᠩᠭ᠎ᠠ᠂ ᠠᠯᠬᠤᠮ ᠲᠠᠷᠠᠭ᠎ᠠ ᠨᠢ ᠵᠢᠷᠤᠮᠵᠢᠯ ᠲᠠᠢ ᠡᠮᠬᠢ ᠵᠢᠷᠤᠮ ᠲᠠᠢ᠂ ᠶᠠᠪᠤᠴᠠ ᠨᠢ ᠢᠯᠡ ᠲᠣᠳᠣ᠃ ᠪᠦᠬᠦ ᠲᠥᠯᠥᠭᠡᠯᠡᠭᠴᠢᠳ ᠤᠨ ᠨᠢᠭᠤᠴᠠ ᠰᠣᠩᠭᠤᠭᠤᠯᠢ ᠶᠢᠨ ᠠᠷᠭ᠎ᠠ ᠪᠠᠷ ᠶᠠᠩ ᠰᠢᠩ ᠱᠧᠩ᠂ ᠬᠠᠳᠠ ᠵᠡᠷᠭᠡ 35 ᠨᠥᠬᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢ᠊ ᠡᠶ᠎ᠡ ᠶᠢᠨ ᠭᠡᠰᠢᠭᠦᠨ ᠢᠶᠠᠷ ᠰᠣᠩᠭᠤᠭᠳᠠᠪᠠ︔ ᠷᠧᠨ ᡁᠢ ᠰᠢᠶᠠᠨ ᠵᠡᠷᠭᠡ 7 ᠨᠥᠬᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠣᠷᠣᠯᠠᠭᠴᠢ ᠭᠡᠰᠢᠭᠦᠨ ᠢᠶᠠᠷ ᠰᠣᠩᠭᠤᠭᠳᠠᠪᠠ︔ ᠶᠠᠨ ᠰᠢᠶᠠᠨ ᠦ᠋ ᠵᠡᠷᠭᠡ 19 ᠨᠥᠬᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ︔ ᠬᠤᠷᠠᠯ ᠠᠴᠠ ᠪᠠᠰᠠ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ 25 ᠲᠥᠯᠥᠭᠡᠯᠡᠭᠴᠢ ᠶᠢ ᠰᠣᠩᠭᠤᠨ ᠭᠠᠷᠭᠠᠪᠠ᠃
     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠬᠤᠷᠠᠯᠳᠤᠭᠤᠯᠤᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠵᠥᠪᠯᠡᠬᠦ ᠵᠦᠢᠯ ᠢ ᠪᠠᠲᠤᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号