ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/3
     7 ᠰᠠᠷ᠎ᠠ ᠶᠢᠨ 30 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃  
     ᠬᠤᠷᠠᠯ ᠳᠤ ᠣᠷᠣᠯᠴᠠᠬᠤ ᠶᠣᠰᠣᠲᠠᠶ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 19 ᠬᠥᠮᠦᠨ᠂ ᠪᠣᠳᠠᠲᠠᠶ ᠣᠷᠣᠯᠴᠠᠭᠰᠠᠨ ᠨᠢ 19 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠰᠢᠢᠳᠪᠦᠷᠢ ︵ᠲᠥᠰᠦᠯ︶︾ ᠶᠢ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠱᠦᠵᠢ᠂ ᠳᠡᠳ᠋ ᠱᠦᠵᠢ ᠶᠢ ᠰᠣᠩᠭᠤᠨ ᠭᠠᠷᠭᠠᠪᠠ᠃
     ᠲᠢᠶᠠᠨ ᠶᠧ᠂ ᠯᠢᠦ ᠴᠢᠤᠸᠠᠨ ᠭᠧᠨ᠂ ᠰᠦᠨ ᠶᠦᠩ ᠭᠠᠩ᠂ ᠵᠣᠣ ᠵᠠᠨ ᠾᠦᠩ᠂ ᠵᠣᠣ ᡁᠢ ᠵᠢᠶᠦ᠋ᠨ᠂ ᠵᠣᠣ ᠾᠦᠢ ᠶᠦᠩ᠂ ᠶᠠᠨ ᠰᠢᠶᠠᠨ ᠦ᠋ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ︔ ᠶᠠᠨ ᠰᠢᠶᠠᠨ ᠦ᠋ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠷ ᠰᠣᠩᠭᠤᠭᠳᠠᠪᠠ︔ ᠵᠤᠤ ᠵᠠᠨ ᠬᠤᠩ᠂ ᠵᠤᠤ ᡁᠢ ᠵᠧᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠪᠠᠷ ᠰᠣᠩᠭᠤᠭᠳᠠᠪᠠ᠃      ᠰᠢᠨ᠎ᠡ ᠪᠠᠷ ᠰᠣᠩᠭᠤᠭᠳᠠᠭᠰᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠠᠨ ᠰᠢᠶᠠᠨ ᠡᠦ ᠵᠢᠭᠠᠵᠤ ᠭᠠᠷᠭᠠᠬᠤ ᠳᠠᠭᠠᠨ᠂ ᠬᠤᠶᠢᠰᠢᠳᠠ ᠶᠢᠨ ᠲᠠᠪᠤᠨ ᠵᠢᠯ ᠳᠤ᠂ ᠦᠴᠤᠸᠠᠨ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠲᠠᠪᠤᠨ ᠵᠢᠯ ᠳᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠰᠢᠶᠠᠨ ᠤ ᠨᠠᠮ ᠤᠨ ᠬᠤᠷᠢᠶ᠎ᠠ ᠶᠢᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃
     ᠶᠠᠨ ᠰᠢᠶᠠᠨ ᠡᠦ ᠴᠢᠬᠤᠯᠠᠴᠢᠯᠠᠭᠰᠠᠨ ᠨᠢ᠂ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠪᠤᠶ ᠪᠣᠯᠭᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ︽ᠪᠠᠴᠢᠮ ᠬᠦᠴᠢᠷ ᠵᠣᠪᠠᠨᠢᠯ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠣᠭᠤᠷᠢᠨ ᠳᠤ᠂ ᠪᠠᠷᠢᠮᠵᠢᠶ᠎ᠠ ᠲᠠᠢ ᠴᠢᠩᠭ᠎ᠠ ᠬᠠᠷᠭᠤᠭᠤᠯᠵᠤ᠂ ᠰᠢᠶᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠤᠤᠱᠲᠠᠢ ᠠᠳᠬᠤᠬᠤ ᠲᠣᠭᠲᠠᠯ ᠬᠦᠴᠦᠨ᠂ ᠡᠴᠦᠰ ᠲᠤᠨᠢ ᠲᠤᠯᠲᠠᠯ᠎ᠠ ᠠᠳᠬᠤᠬᠤ ᠬᠠᠳᠠᠨ ᠵᠣᠷᠢᠭ᠂ ᠨᠢᠭᠡ ᠴᠤᠭᠴᠠᠵᠢᠭᠤᠯᠤᠨ ᠠᠬᠢᠭᠤᠯᠬᠤ ᠣᠶᠢᠯᠠᠭᠠᠭᠳᠠᠬᠤᠨ᠂ ᠴᠤᠴᠠᠯᠲᠠ ᠦᠭᠡᠢ ᠤᠷᠤᠭᠰᠢᠯᠠᠬᠤ ᠰᠥᠰᠥ ᠵᠣᠷᠢᠭ ᠢᠶᠠᠷ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠮᠵᠢᠯᠴᠠᠨ ᠬᠠᠮᠵᠢᠯᠴᠠᠵᠤ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠤᠨᠢᠨ ᠳᠡᠭᠡᠷ᠎ᠡ ᠨᠢ ᠬᠦᠴᠦᠯᠡᠵᠦ᠂ ᠢᠯᠵᠢᠷᠡᠯ ᠪᠠ ᠰᠤᠷᠲᠠᠯ ᠤᠨ ᠠᠰᠠᠭᠤᠳᠠᠯ ᠢ ᠵᠠᠯᠬᠠᠭᠠᠨ ᠰᠢᠳᠬᠡᠬᠦ ᠲᠠᠯ᠎ᠠ ᠪᠠᠷ ᠢᠳᠡᠪᠬᠢᠲᠡᠢ ᠠᠵᠢᠯᠯᠠᠵᠤ᠂ ᠦᠴᠤᠸᠠᠨ ᠰᠢᠶᠠᠨ ᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤᠪᠠᠷ ᠪᠤᠢ ᠪᠣᠯᠭᠠᠬᠤ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠪᠥᠭᠡᠳ ᠪᠣᠳᠠᠲᠠᠢ ᠪᠠᠷ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠠᠲᠤ ᠴᠢᠩᠭ᠎ᠠ ᠲᠡᠮᠦᠷ ᠴᠡᠷᠢᠭ ᠢ ᠬᠦᠴᠦᠯᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠣᠯᠬᠤ ᠬᠡᠷᠡᠭᠲᠡᠢ ᠭᠡᠪᠡ᠃      ᠰᠢᠨ᠎ᠡ ᠨᠢᠭᠡ ᠬᠤᠭᠤᠴᠠᠭᠠᠨ ᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠰᠢᠷᠭᠠᠭᠤ ᠬᠠᠲᠠᠭᠤᠵᠢᠯᠲᠠᠢ ᠠᠵᠢᠯᠯᠠᠵᠤ᠂ ᠵᠢᠩᠬᠢᠨᠢ ᠡᠷᠳᠡᠮ ᠮᠡᠳᠡᠯᠭᠡ ᠶᠢ ᠣᠯᠵᠤ᠂ ᠵᠢᠩᠬᠢᠨᠢ ᠡᠷᠳᠡᠮ ᠴᠢᠳᠠᠪᠤᠷᠢ ᠶᠢ ᠪᠣᠯᠪᠠᠰᠤᠷᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠳᠠᠰᠤᠷᠠᠯᠳᠠ ᠦᠭᠡᠢ ᠵᠣᠬᠢᠴᠠᠵᠤ᠂ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠣᠯᠤᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号