ᠨᠢᠭᠡ᠂ ︽ᠠᠷᠭ᠎ᠠ︾ ᠶᠢ ᠲᠣᠭᠲᠠᠭᠠᠭᠰᠠᠨ ᠦᠨᠳᠦᠰᠦ ᠪᠠᠷᠢᠮᠲᠠ | ︽ᠺᠣᠮᠫᠠᠨᠢ ᠶᠢᠨ ᠬᠠᠤᠯᠢ︾ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠤᠯᠢ︾ ︽︿ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠡᠭᠦᠷᠭᠡ ᠴᠢᠳᠠᠪᠤᠷᠢ ᠶᠢ | ᠬᠤᠪᠢᠷᠠᠭᠤᠯᠬᠤ ᠶᠢ ᠲᠦᠯᠬᠢᠨ ᠠᠬᠢᠭᠤᠯᠬᠤ ᠲᠥᠰᠥᠯ﹀ ᠢ ᠤᠯᠠᠮᠵᠢᠯᠠᠨ ᠲᠠᠷᠬᠠᠭᠠᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ | ᠭᠠᠷᠭᠠᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ | ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠳᠦᠷᠢᠮ ᠢ ᠦᠨᠳᠦᠰᠦᠯᠡᠨ᠂ ᠮᠠᠨ ᠤ ᠬᠤᠲᠠ ᠶᠢᠨ 2019 ᠣᠨ ᠳᠤ ᠬᠤᠲᠠ ᠶᠢᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ︽ᠠᠷᠪᠠᠨ ᠵᠢᠷᠤᠮ ᠦᠭᠡᠢ︾ ᠠᠰᠠᠭᠤᠳᠠᠯ ᠢ ᠴᠡᠭᠴᠡᠯᠡᠨ ᠵᠠᠰᠠᠬᠤ ᠦᠶ᠎ᠡ ᠳᠤ | ᠢᠯᠡᠷᠡᠭᠦᠯᠦᠭᠰᠡᠨ ᠨᠡᠶᠢᠲᠡᠮ ᠴᠢᠨᠠᠷᠲᠠᠢ ᠠᠰᠠᠭᠤᠳᠠᠯ ᠲᠠᠢ ᠤᠶᠠᠯᠳᠤᠭᠤᠯᠵᠤ᠂ ᠲᠤᠰ ︽ᠠᠷᠭ᠎ᠠ︾ ᠶᠢ ᠲᠣᠭᠲᠠᠭᠠᠵᠤ | ᠳᠠᠷᠤᠮᠠᠯᠯᠠᠨ ᠲᠠᠷᠬᠠᠭᠠᠪᠠ᠃ | ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠨᠢ ᠨᠡᠶᠢᠲᠡ ᠨᠠᠢᠮᠠᠨ ᠪᠦᠯᠦᠭ 36 ᠵᠦᠢᠯ ᠲᠠᠢ᠂ ᠡᠭᠦᠨ ᠳᠤ ᠶᠡᠷᠦᠩᠬᠡᠶ ᠲᠦᠷᠢᠮ᠂ ᠪᠡᠯᠡ | ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ᠂ ᠪᠡᠯᠡ | ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠬᠡᠷᠡᠭ | ᠶᠠᠪᠤᠳᠠᠯ ᠤᠨ ᠳᠤᠮᠳᠠᠬᠢ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠠᠷᠠᠭᠠᠬᠢ | ᠬᠠᠮᠢᠶᠠᠷᠤᠯᠲᠠ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠪᠠ | ᠳᠠᠭᠠᠯᠳᠤᠭᠤᠯᠤᠭᠰᠠᠨ ᠲᠦᠷᠢᠮ ᠵᠡᠷᠭᠡ ᠶᠢ ᠪᠠᠭᠲᠠᠭᠠᠵᠤ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠵᠦᠢᠯᠡᠰ ᠤᠨ ᠬᠦᠷᠢᠶ᠎ᠡ ᠬᠡᠪᠴᠢᠶ᠎ᠡ᠂ ᠬᠢᠨᠠᠨ | ᠵᠥᠪᠰᠢᠶᠡᠷᠡᠬᠦ ᠡᠷᠬᠡ ᠶᠢᠨ ᠬᠢᠵᠠᠭᠠᠷ᠂ ᠪᠥᠬᠦ ᠶᠠᠪᠤᠴᠠ ᠶᠢᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠤ | ᠪᠣᠳᠠᠲᠠᠶ ᠲᠣᠭᠲᠠᠭᠠᠯ ᠭᠠᠷᠭᠠᠪᠠ᠃ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ | ᠠᠵᠢᠯ ᠲᠦᠷᠦᠯ ᠤᠨ ᠪᠤᠰᠤ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠵᠤ᠂ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ | ᠭᠦᠢᠴᠡᠳᠬᠡᠬᠦ ᠬᠡᠷᠡᠭᠲᠡᠢ ᠭᠡᠳᠡᠭ ᠢ ᠳᠤᠲᠤᠷᠬᠠᠶᠢᠯᠠᠵᠤ᠂ ᠭᠠᠳᠠᠭᠠᠳᠤ ᠳᠤ ᠵᠣᠷᠢᠭᠤᠯᠤᠭᠰᠠᠨ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠭᠤᠣᠯ ᠴᠣᠭᠴᠠ ᠶᠢ ᠲᠣᠭᠲᠠᠭᠠᠵᠤ᠂ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ | ᠳᠠᠷᠠᠭᠠᠬᠢ ᠬᠠᠮᠢᠶᠠᠷᠤᠯᠲᠠ ᠵᠡᠷᠭᠡ ᠶᠢ ᠴᠢᠩᠭᠠᠳᠬᠠᠪᠠ᠃ | ᠭᠤᠷᠪᠠ᠂ ︽ᠠᠷᠭ᠎ᠠ︾ ᠶᠢᠨ ᠣᠨᠴᠠᠯᠢᠭ ᠭᠢᠯᠠᠰ ᠴᠡᠭ | ︽ᠠᠷᠭ᠎ᠠ︾ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠡᠷᠡᠭ | ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠶᠢ | ᠣᠷᠭᠠᠨᠢᠭ ᠢᠶᠠᠷ ᠵᠣᠯᠭᠠᠭᠤᠯᠵᠤ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠵᠦᠢᠯᠡᠰ ᠲᠤ | ᠲᠣᠳᠣᠷᠬᠠᠶ ᠲᠣᠭᠲᠠᠭᠠᠯ ᠭᠠᠷᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ | ᠵᠦᠢᠯᠡᠰ ᠨᠢ ᠭᠤᠤᠯ ᠠᠵᠢᠯ ᠲᠥᠷᠥᠯ᠂ ᠭᠤᠤᠯ ᠪᠤᠰᠤ ᠠᠵᠢᠯ ᠲᠥᠷᠥᠯ ᠵᠢᠴᠢ ᠪᠠᠯᠠ ᠣᠷᠣᠭᠤᠯᠤᠯᠲᠠ ᠶᠢᠨ | ᠵᠣᠭᠤᠰ ᠤᠨ ᠲᠤᠭ᠎ᠠ ᠵᠡᠷᠭᠡ ᠶᠢ ᠦᠨᠳᠦᠰᠦᠯᠡᠨ᠂ ᠬᠢᠨᠠᠨ ᠵᠥᠪᠰᠢᠶᠡᠷᠡᠬᠦ ᠭᠤᠣᠯ ᠴᠣᠭᠴᠠ ᠪᠣᠯᠤᠨ ᠬᠢᠨᠠᠨ | ᠵᠥᠪᠰᠢᠶᠡᠷᠡᠬᠦ ᠲᠠᠰ ᠳᠠᠷᠠᠭᠠᠯᠠᠯ ᠵᠡᠷᠭᠡ ᠶᠢ ᠲᠣᠳᠣᠷᠬᠠᠶ ᠲᠣᠭᠲᠠᠭᠠᠵᠠᠶ᠃ ᠬᠠᠮᠤᠭ ᠤᠨ ᠰᠡᠭᠦᠯ ᠳᠤ᠂ ᠬᠤᠳᠠ ᠶᠢᠨ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠡᠯᠡ ᠣᠷᠣᠭᠤᠯᠤᠯᠲᠠ ᠶᠢᠨ ᠵᠦᠢᠯᠡᠰ ᠤᠨ ᠰᠢᠢᠳᠪᠦᠷᠢᠲᠦ | ᠪᠤᠳᠤᠯᠭ᠎ᠠ ᠪᠠᠨ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠶᠢᠨ ᠬᠡᠪᠴᠢᠶᠡᠨ ᠳᠤ | ᠣᠷᠣᠭᠤᠯᠬᠤ ᠶᠢ ᠱᠠᠭᠠᠷᠳᠠᠭᠰᠠᠨ ᠪᠥᠭᠡᠳ ᠪᠡᠯᠡ ᠣᠷᠣᠭᠤᠯᠤᠯᠲᠠ ᠶᠢᠨ ᠵᠦᠢᠯᠡᠰ ᠤᠨ ᠪᠦᠬᠦ ᠶᠠᠪᠤᠴᠠ ᠶᠢᠨ | ᠲᠦᠭᠰᠢᠭᠦᠷᠢ ᠶᠢᠨ ᠬᠠᠮᠢᠶᠠᠷᠤᠯᠲᠠ ᠳᠤ ᠱᠠᠭᠠᠷᠳᠠᠯᠭ᠎ᠠ ᠳᠤᠷᠠᠳᠴᠠᠶ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | |