ᠨᠢᠭᠡ᠂ ︽ᠲᠥᠰᠥᠯ︾ ᠢ ᠲᠣᠭᠲᠠᠭᠠᠭᠰᠠᠨ ᠦᠨᠳᠦᠰᠦ ᠪᠠᠷᠢᠮᠲᠠ | ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠢ ᠨᠡᠶᠢᠳᠭᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠲᠤᠬᠠᠶ ᠤᠯᠤᠰ ᠤᠨ | ᠬᠦᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ ᠤᠨ ᠵᠢᠯᠣᠭᠤᠳᠬᠤ ᠰᠠᠨᠠᠯ ᠢ ᠳᠠᠮᠵᠢᠭᠤᠯᠤᠨ ᠲᠠᠷᠬᠠᠭᠠᠬᠤ ᠮᠡᠳᠡᠭᠲᠡᠯ︾ | ︵ᠲᠥᠷᠥ ᠠᠯᠪᠠᠨ ᠵᠠᠬᠢᠳᠠᠯ︹ 2019 ︺ 41 ᠳ᠋ᠤᠭᠡᠷ ᠲᠣᠭᠠᠲᠤ︶ ᠳᠤ ᠲᠠᠪᠴᠠᠩ ᠳᠤ ᠭᠠᠷᠬᠤ ᠶᠣᠰᠣᠲᠠᠢ ᠶᠢ | ᠪᠦᠬᠦᠨ ᠢ ᠭᠠᠷᠭᠠᠬᠤ ᠶᠢ ᠪᠠᠷᠢᠮᠲᠠᠯᠠᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ | ᠲᠠᠪᠴᠠᠩ ᠳᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠲᠤᠷᠠᠳᠪᠠ᠃ ᠵᠠᠬ᠎ᠠ ᠳᠡᠯᠭᠡᠭᠦᠷᠴᠢᠯᠡᠬᠦ ᠮᠠᠶ᠋ᠢᠭ ᠢᠶᠠᠷ | ᠲᠣᠬᠢᠷᠠᠭᠤᠯᠬᠤ ᠶᠣᠰᠣᠲᠠᠢ ᠪᠤᠶᠤ ᠲᠣᠬᠢᠷᠠᠭᠤᠯᠵᠤ ᠪᠣᠯᠬᠤ ᠣᠯᠠᠨ ᠨᠡᠶᠢᠲᠡ ᠶᠢᠨ ᠡᠬᠢ ᠪᠠᠶᠠᠯᠢᠭ ᠲᠤ ᠠᠷᠠᠯᠵᠢᠶᠠᠨ ᠤ | ᠭᠠᠷᠴᠠᠭ ᠤᠨ ᠨᠠᠷᠢᠨ ᠲᠠᠩᠰᠨ ᠪᠠᠶᠢᠭᠤᠯᠤᠨ᠂ ᠨᠠᠷᠢᠨ ᠳᠠᠩᠰᠠᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠢ | ᠨᠡᠶᠢᠲᠡᠮ ᠲᠠᠪᠴᠠᠩ ᠳᠡᠭᠡᠷ᠎ᠡ ᠠᠷᠠᠯᠵᠢᠶᠠᠯᠠᠬᠤ ᠶᠢ ᠲᠦᠷᠭᠡᠳᠬᠡᠨ ᠠᠬᠢᠭᠤᠯᠵᠤ᠂ ︽ᠲᠠᠪᠴᠠᠩ ᠤᠨ ᠭᠠᠳᠠᠨ᠎ᠠ | ᠠᠷᠠᠯᠵᠢᠶ᠎ᠠ ᠥᠬᠡᠶ︾ ᠪᠠᠶᠢᠬᠤ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠨᠡᠶᠢᠳᠬᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ︹ 2019 ︺ 41 ᠳ᠋ᠦ᠋ᠭᠡᠷ ᠲᠣᠭᠠᠲᠤ︶ ᠳᠤ ᠲᠠᠪᠴᠠᠩ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ | ᠭᠡᠵᠦ ᠱᠠᠭᠠᠷᠳᠠᠪᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠣᠭᠢᠷᠠᠭᠤᠯᠬᠤ ᠳᠤ ᠳᠣᠭᠢᠷᠠᠬᠤ ᠪᠠᠶᠢᠭᠠᠯᠢ ᠶᠢᠨ | ᠡᠬᠢ ᠪᠠᠶᠠᠯᠢᠭ᠂ ᠡᠳ᠋ ᠬᠥᠷᠥᠩᠭᠡ ᠶᠢᠨ ᠰᠲ᠋ᠣᠺ ᠤᠨ ᠡᠷᠬᠡ᠂ ᠣᠷᠴᠢᠨ ᠲᠣᠭᠤᠷᠢᠨ ᠤ ᠡᠷᠬᠡ ᠵᠡᠷᠭᠡ ᠣᠯᠠᠨ | ᠨᠡᠶᠢᠲᠡ ᠶᠢᠨ ᠡᠬᠢ ᠪᠠᠶᠠᠯᠢᠭ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠭᠠᠷᠭᠠᠵᠤ᠂ | ᠡᠮᠴᠢᠯᠡᠭᠡᠨ ᠤ ᠡᠮ ᠤᠨ ᠵᠦᠢᠯ᠂ ᠪᠠᠭᠠᠵᠢ ᠬᠡᠷᠡᠭᠰᠡᠯ᠂ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ | ᠠᠪᠠᠨ᠋ᠥ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠡᠮ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ | ᠬᠤᠳᠠᠯᠳᠤᠨ ᠠᠪᠠᠨ᠋ᠥ ᠲᠠᠪᠴᠠᠩ ᠬᠢᠭᠡᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ | ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠬᠡᠬᠤᠲᠠ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠂ ᠠᠷᠠᠯᠵᠢᠶ᠎ᠠ ᠶᠢᠨ | ᠭᠠᠷᠴᠠᠭ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ︽ᠭᠠᠷᠭᠠᠬᠤ ᠶᠣᠰᠣᠲᠠᠢ ᠶᠢ ᠵᠠᠪᠠᠯ ᠭᠠᠷᠭᠠᠬᠤ︾ ᠠᠭᠤᠯᠭ᠎ᠠ ᠶᠢ ︽ᠬᠥᠬᠡᠬᠤᠲᠠ ᠶᠢᠨ 2021 | ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠢᠴᠢᠨ ᠣᠷᠣᠭᠤᠯᠵᠤ᠂ 2021 ᠣᠨ ᠤ 5 ᠳ᠋ᠤᠭᠠᠷ | ᠰᠠᠷ᠎ᠠ ᠶᠢᠨ 24 ᠤ ᠡᠳᠦᠷ᠂ ᠬᠥᠬᠡᠬᠤᠲᠠ ᠶᠢᠨ 2021 ᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ︽ᠲᠥᠰᠦᠯ︾ ᠢ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠬᠦ ᠪᠠᠷ ᠰᠤᠳᠤᠯᠤᠨ ᠲᠣᠭᠲᠠᠪᠠ᠃ | ᠬᠤᠶᠠᠷ᠂ ︽ᠲᠥᠰᠥᠯ︾ ᠤᠨ ᠭᠤᠣᠯ ᠠᠭᠤᠯᠭ᠎ᠠ | ︽ᠲᠥᠰᠦᠯ︾ ᠢ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠵᠠᠬ᠎ᠠ ᠳᠡᠯᠭᠡᠭᠦᠷ ᠲᠤ ᠭᠠᠷᠴᠤ | ᠠᠷᠠᠯᠵᠢᠶᠠᠯᠠᠬᠤ ᠬᠦᠷᠢᠶ᠎ᠡ ᠬᠡᠪᠴᠢᠶ᠎ᠡ᠂ ᠡᠭᠦᠷᠭᠡ ᠶᠢᠨ ᠬᠤᠪᠢᠶᠠᠷᠢᠯᠠᠯ ᠵᠢᠴᠢ ᠴᠠᠭ ᠬᠤᠭᠤᠴᠠᠭ᠎ᠠ ᠪᠠ ᠠᠵᠢᠯ ᠤᠨ | ᠱᠠᠭᠠᠷᠳᠠᠯᠭ᠎ᠠ ᠵᠡᠷᠭᠡ ᠨᠡᠶᠢᠲᠡ 5 ᠬᠡᠰᠡᠭ ᠬᠤᠪᠢᠶᠠᠵᠤ᠂ ᠮᠠᠨ ᠤ ᠬᠤᠲᠠ ᠶᠢᠨ ᠪᠤᠶ ᠪᠦᠬᠦᠢ ᠤᠯᠤᠰ ᠤᠨ ᠥᠮᠴᠢᠯᠡᠯᠲᠦ | ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠡᠬᠢ ᠪᠠᠶᠠᠯᠢᠭ ᠡᠳ᠋ ᠬᠥᠷᠥᠩᠭᠡ ᠪᠠ ᠣᠷᠴᠢᠨ ᠲᠣᠭᠤᠷᠢᠨ ᠤ ᠡᠷᠬᠡ ᠵᠡᠷᠭᠡ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢ ᠴᠦᠮ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ | ᠭᠠᠷᠭᠠᠵᠤ ᠠᠵᠢᠯ ᠡᠷᠬᠢᠯᠡᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠲᠠᠪᠴᠠᠩ ᠳᠤ ᠭᠠᠷᠬᠤ ᠬᠦᠷᠢᠶ᠎ᠡ ᠬᠡᠪᠴᠢᠶ᠎ᠡ ᠶᠢ | ᠲᠣᠳᠣᠷᠬᠠᠶᠢᠯᠠᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ | ᠲᠣᠳᠣᠷᠬᠠᠶᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠪᠠ ᠴᠠᠭ ᠬᠤᠭᠤᠴᠠᠭ᠎ᠠ ᠶᠢ | ᠲᠣᠳᠣᠷᠬᠠᠶᠢᠯᠠᠵᠤ᠂ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ | ᠭᠤᠷᠪᠠ᠂ ︽ᠲᠥᠰᠦᠯ︾ ᠤᠨ ᠣᠨᠴᠠᠯᠢᠭ ᠬᠢᠯᠠᠰ ᠴᠡᠭ | ︽ᠲᠥᠰᠦᠯ︾ ᠨᠢ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠢ ᠨᠡᠶᠢᠳᠬᠡᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠠᠵᠢᠯ ᠤᠨ ᠱᠠᠭᠠᠷᠳᠠᠯᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠳᠤ ᠬᠠᠮᠤᠭ ᠲᠡᠷᠢᠭᠦᠨ ᠳᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ︽ᠭᠠᠷᠭᠠᠬᠤ ᠶᠣᠰᠤᠳᠠᠢ ᠶᠢ ᠨᠢ ᠵᠠᠪᠠᠯ ᠭᠠᠷᠭᠠᠬᠤ︾ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ᠂ ᠤᠯᠤᠰ ᠤᠨ ᠥᠮᠴᠢᠯᠡᠯᠲᠦ ᠪᠠᠯᠠ ᠣᠷᠣᠭᠤᠯᠤᠯᠲᠠ ᠶᠢᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠪᠦᠬᠦᠨ ᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠳᠤ ᠭᠠᠷᠭᠠᠨ ᠠᠵᠢᠯ ᠡᠷᠬᠢᠯᠡᠭᠦᠯᠪᠡ᠃ ︽ᠲᠥᠰᠦᠯ︾ ᠤᠨ ᠱᠠᠭᠠᠷᠳᠠᠯᠭ᠎ᠠ ᠶᠣᠰᠣᠭᠠᠷ ︽ | ᠭᠠᠷᠭᠠᠬᠤ ᠶᠣᠰᠤᠳᠠᠢ ᠶᠢ ᠨᠢ ᠵᠠᠪᠠᠯ ᠭᠠᠷᠭᠠᠬᠤ︾ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠠᠵᠢᠯᠯᠠᠭ᠎ᠠ ᠶᠢ ᠲᠤᠷᠰᠢᠨ ᠬᠡᠷᠡᠭᠵᠢᠭᠦᠯᠦᠭᠡᠳ ᠠᠮᠵᠢᠯᠲᠠ ᠶᠢᠨ ᠲᠤᠷᠰᠢᠯᠭ᠎ᠠ ᠣᠯᠤᠭᠰᠠᠨ ᠤ ᠳᠠᠷᠠᠭ᠎ᠠ᠂ ᠪᠥᠬᠦ | ᠶᠠᠪᠤᠴᠠ ᠶᠢᠨ ᠡᠯᠧᠺᠲᠷᠤᠨᠴᠢᠯᠠᠭᠰᠠᠨ ᠠᠷᠠᠯᠵᠢᠶᠠᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠬᠤᠲᠠ | ᠣᠯᠠᠨ ᠨᠡᠶᠢᠲᠡ ᠶᠢᠨ ᠡᠬᠢ ᠪᠠᠶᠠᠯᠢᠭ ᠢ ︽ᠰᠦᠯᠵᠢᠶᠡᠨ ᠭᠠᠳᠠᠨ᠎ᠠ ᠠᠷᠠᠯᠵᠢᠶᠠᠯᠠᠬᠤ ᠥᠬᠡᠶ᠂ ᠰᠦᠯᠵᠢᠶᠡᠨ ᠳᠡᠭᠡᠷ᠎ᠡ | ᠪᠦᠬᠦᠨ ᠢ ᠢᠯᠡ ᠪᠣᠯᠭᠠᠬᠤ︾ ᠠᠵᠢᠯ ᠤᠨ ᠬᠠᠷᠠᠯᠲᠠ ᠶᠢ ᠪᠡᠶᠡᠯᠡᠭᠦᠯᠬᠦ ᠪᠣᠯᠣᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | |