8 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠦᠴᠤᠸᠠᠨ ᠰᠢᠶᠠᠨ ᠤ ᠤᠯᠠᠭᠠᠨᠮᠥ᠋ᠴᠢᠷ ᠤᠨ ᠤᠯᠤᠰ ᠲᠥᠷᠥ ᠶᠢᠨ | ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠮᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠰᠢᠩ ᠵᠢᠶᠦ᠋ᠨ ᠵᠢᠶᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ | | | | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ | ᠲᠡᠷᠢᠭᠦᠨ ᠳᠤ ᠪᠥᠵᠢᠭ ᠤᠨ ᠪᠣᠯᠪᠠᠰᠤᠷᠠᠯ ᠤᠨ ᠲᠢᠩᠬᠢᠮ ᠳᠤ ᠦᠴᠤᠸᠠᠨ ᠰᠢᠶᠠᠨ ᠤ ᠤᠯᠠᠭᠠᠨᠮᠥ᠋ᠴᠢᠷ ᠤᠨ ᠥᠪᠡᠷ ᠢᠶᠠᠨ | ᠨᠠᠶᠢᠷᠠᠭᠤᠯᠵᠤ᠂ ᠥᠪᠡᠷ ᠢᠶᠠᠨ ᠤᠳᠤᠷᠢᠳᠴᠤ᠂ ᠥᠪᠡᠷ ᠢᠶᠠᠨ ᠲᠣᠭᠯᠠᠭᠰᠠᠨ ᠰᠢ ᠵᠦᠴᠦᠭᠡ ᠶᠢᠨ ᠵᠦᠴᠦᠭᠡ ︽ | ᠠᠬᠠᠮᠠᠳ ᠬᠤᠶᠠᠷ ᠬᠥᠮᠦᠨ ᠨᠠᠮ ᠤᠨ ᠲᠡᠦᠬᠡ ᠶᠢ ᠰᠤᠷᠤᠯᠴᠠᠶ᠎ᠠ︾ ᠪᠠ ︽ᠵᠠᠭᠤᠨ ᠵᠢᠯ ᠤᠨ ᠨᠠᠮ ᠤᠨ ᠲᠡᠦᠬᠡ ᠶᠢᠨ | ᠰᠤᠷᠭᠠᠯ ᠤᠨ ᠵᠠᠭᠤᠨ ᠵᠢᠯ ᠤᠨ 1921 ᠠᠴᠠ 1949 ᠬᠦᠷᠲᠡᠯ᠎ᠡ︾ ᠶᠢ ᠰᠣᠨᠢᠷᠬᠠᠪᠠ᠃ | | | | | | | | | ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠦᠴᠤᠸᠠᠨ ᠰᠢᠶᠠᠨ ᠤ | ᠤᠯᠠᠭᠠᠨᠮᠥ᠋ᠴᠢᠷ ᠤᠨ ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠶ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠦᠴᠤᠸᠠᠨ ᠰᠢᠶᠠᠨ ᠤ | ᠤᠯᠠᠭᠠᠨᠮᠥ᠋ᠴᠢᠷ ᠤᠨ ᠬᠢᠨ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢᠶᠠᠨ ᠬᠦᠳᠦᠯᠦᠨ ᠳᠠᠭᠠᠭᠤᠯᠵᠤ᠂ | ᠨᠠᠮ ᠤᠨ ᠪᠠᠶᠢᠭᠤᠯᠤᠯᠲᠠ ᠪᠠᠷ ᠲᠦᠪᠰᠢᠨ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠤᠯᠠᠭᠠᠨᠮᠥ᠋ᠴᠢᠷ ᠤᠨ ᠭᠡᠰᠢᠭᠦᠳ ᠢ | ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠤᠷᠳᠤ ᠬᠤᠭᠤᠴᠠᠭ᠎ᠠ ᠪᠠᠷ ᠪᠠᠶᠠᠯᠢᠭᠵᠢᠭᠤᠯᠵᠤ᠂ ᠨᠠᠮ ᠤᠨ | ᠲᠠᠭᠤᠨ ᠪᠣᠯᠤᠨ ᠬᠠᠯᠠᠮᠵᠢᠯᠠᠯ ᠢ ᠳᠠᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠲᠦᠷᠦ ᠶᠢᠨ | ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠯᠠᠭᠠᠨᠮᠥ᠋ᠴᠢᠷ ᠤᠨ | ᠰᠢᠯᠢᠳᠡᠭ ᠤᠯᠠᠮᠵᠢᠯᠠᠯᠲᠤ ᠰᠤᠷᠲᠠᠯ ᠢ ᠪᠠᠳᠠᠷᠠᠭᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠵᠦ᠂ ᠤᠭ ᠰᠠᠨᠠᠭ᠎ᠠ ᠪᠠᠨ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠤᠯᠤᠰ | ᠲᠦᠷᠦ ᠶᠢᠨ ᠪᠠᠶᠢᠭᠤᠯᠤᠯᠲᠠ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠬᠠᠶᠢᠷᠠᠯᠠᠵᠤ᠂ | ᠤᠯᠠᠭᠠᠨᠮᠥ᠋ᠴᠢᠷ ᠤᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠤᠯᠠᠭᠠᠨᠮᠥ᠋ᠴᠢᠷ ᠤᠨ ᠦᠶ᠋ᠯᠡᠰ ᠤᠨ ᠬᠥᠭᠵᠢᠯᠲᠡ ᠳᠤ | ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠣ ᠴᠢᠬᠤᠯᠠᠴᠢᠯᠠᠪᠠ᠃ | | | |