ᠦᠴᠤᠸᠠᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
     8 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠴᠢᠬᠤᠯᠠ ᠶᠡᠭᠡ ᠠᠮᠢ ᠠᠬᠤᠶ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠬᠤᠷᠠᠯ ᠬᠤᠷᠠᠯᠳᠤᠭᠤᠯᠪᠠ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠮᠧᠶ ᠺᠦᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠴᠦᠨ ᠮᠧᠶ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠦᠸᠧ ᠶᠦᠩ ᠬᠤᠷᠠᠯ ᠳᠤ ᠣᠷᠣᠯᠴᠠᠵᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠨ ᠵᠢᠴᠢ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠬᠠᠷᠢᠭᠤᠴᠠᠯᠭᠠᠲᠠᠨ ᠮᠠᠨ ᠤ ᠰᠢᠶᠠᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠠᠷᠠᠭᠤᠯ ᠪᠠᠯᠭᠠᠰᠤ᠂ ᠳᠠᠯᠠᠨ ᠬᠠᠷ᠎ᠠ ᠰᠢᠶᠠᠩ᠂ ᠡᠯ ᠹᠧᠨ ᠽᠢ ᠰᠢᠶᠠᠩ ᠤᠨ ᠬᠠᠷᠢᠭᠤᠴᠠᠯᠭᠠᠲᠠᠨ ᠵᠢᠴᠢ ᠣᠶᠢᠵᠢᠭᠤᠯᠬᠤ ᠢᠨᠵᠧᠨᠧᠷᠢᠩ ᠤᠨ ᠠᠩᠬᠢ ᠶᠢᠨ ᠲᠥᠯᠥᠭᠡᠯᠡᠭᠴᠢᠳ ᠲᠤᠰᠬᠠᠶ ᠰᠡᠳᠦᠪ ᠢᠶᠠᠷ ᠵᠥᠪᠯᠡᠬᠦ ᠰᠡᠳᠦᠪ ᠤᠨ ᠲᠣᠭᠤᠷᠢᠨ ᠳᠤ ᠭᠦᠢᠴᠡᠳ ᠵᠥᠪᠳᠡᠯᠴᠡᠨ ᠰᠠᠨᠠᠯ ᠢᠶᠠᠨ ᠰᠣᠯᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠮᠠᠨ ᠤ ᠰᠢᠶᠠᠨ ᠤ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠶ ᠵᠦᠢ ᠵᠣᠬᠢᠰᠲᠠᠶ ᠰᠠᠨᠠᠯ ᠪᠠ ᠰᠠᠨᠠᠭᠤᠯᠭ᠎ᠠ ᠳᠤᠷᠠᠳᠴᠠᠶ᠃      ᠯᠢᠦ ᠮᠧᠶ ᠺᠦᠢ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠢᠶᠠᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠬᠤ ᠶᠠᠪᠤᠳᠠᠯ ᠢ ᠬᠦᠴᠦᠲᠡᠶ ᠳᠥᠯᠭᠢᠨ ᠠᠬᠢᠭᠤᠯᠬᠤ ᠬᠡᠷᠡᠭᠲᠡᠶ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠪᠠᠷᠠᠭᠤᠨ ᠬᠤᠶᠢᠲᠤ ᠬᠡᠰᠡᠭ ᠤᠨ ᠠᠮᠢ ᠠᠬᠤᠶ ᠶᠢᠨ ᠬᠡᠪᠡᠷᠡᠭ ᠣᠷᠣᠨ ᠤ ᠠᠮᠢ ᠠᠬᠤᠶ ᠶᠢᠨ ᠠᠷᠠᠳ ᠢ ᠨᠡᠭᠦᠯᠭᠡᠬᠦ ᠠᠵᠢᠯ ᠢ ᠠᠯᠬᠤᠮ ᠠᠯᠬᠤᠮ ᠢᠶᠠᠷ ᠠᠬᠢᠭᠤᠯᠤᠨ‌‍ᠪᠣᠲᠠᠲᠠᠶᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠠᠷᠭ᠎ᠠ ᠶᠢ ᠴᠢᠬᠤᠯᠠᠴᠢᠯᠠᠵᠣ᠂ ︽ᠣᠶᠢᠵᠢᠭᠤᠯᠬᠤ ᠳᠤ ᠲᠣᠬᠢᠷᠠᠮᠵᠢᠲᠠᠶ ᠪᠣᠯ ᠣᠶᠢᠵᠢᠭᠤᠯᠵᠤ᠂ ᠡᠪᠡᠰᠦ ᠤᠷᠭᠤᠭᠤᠯᠬᠤ ᠳᠤ ᠲᠣᠬᠢᠷᠠᠮᠵᠢᠲᠠᠶ ᠪᠣᠯ ᠡᠪᠡᠰᠦ ᠤᠷᠭᠤᠭᠤᠯᠵᠤ᠂ ᠤᠰᠤᠯᠠᠬᠤ ᠳᠤ ᠲᠣᠬᠢᠷᠠᠮᠵᠢᠲᠠᠶ ᠪᠣᠯ ᠤᠰᠤᠯᠠᠵᠤ︾ ᠪᠠᠶᠢᠬᠤ ᠵᠠᠷᠴᠢᠮ ᠶᠣᠰᠣᠭᠠᠷ᠂ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠷᠣᠨ ᠤ ᠲᠥᠪ ᠤᠨ ᠬᠤᠶᠢᠲᠤ ᠬᠡᠰᠡᠭ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠨ᠂ ᠡᠯ᠎ᠡ ᠲᠠᠯ᠎ᠠ ᠶᠢᠨ ᠳᠡᠮᠵᠢᠯᠭᠡ ᠶᠢ ᠣᠯᠵᠤ᠂ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠮᠠᠨ ᠤ ᠰᠢᠶᠠᠨ ᠳᠤ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠪᠡ᠃      ᠵᠠᠩ ᠴᠦᠨ ᠮᠧᠶ ᠳ᠋ᠦᠩᠨᠡᠯᠲᠡ ᠶᠢᠨ ᠶᠠᠷᠢᠶᠠᠨ ᠳᠠᠭᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠵᠥᠪᠯᠡᠬᠦ ᠶᠠᠪᠤᠴᠠ ᠳᠠᠭᠠᠨ ᠥᠷᠭᠡᠨ ᠳᠡᠯᠭᠡᠷ ᠪᠦᠯᠬᠦᠮᠳᠡᠯ ᠢ ᠠᠬᠢᠭᠤᠯᠵᠤ᠂ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠲᠡᠦᠬᠡ ᠶᠢᠨ ᠤᠯᠠᠮᠵᠢᠯᠠᠯ ᠢ ᠵᠠᠯᠭᠠᠮᠵᠢᠯᠠᠭᠰᠠᠨ ᠮᠥᠷᠲᠡᠭᠡᠨ ᠪᠠᠰᠠ ᠴᠠᠭ ᠦᠶ᠎ᠡ ᠶᠢᠨ ᠣᠨᠴᠠᠯᠢᠭ ᠢ ᠲᠤᠰᠬᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠯ ᠳᠤ ᠤᠴᠢᠷ ᠶᠠᠪᠤᠳᠠᠯ ᠲᠣᠬᠢᠶᠠᠯᠳᠤᠪᠠᠯ ᠢᠯᠡᠭᠦᠦ ᠵᠥᠪᠳᠡᠯᠴᠡᠵᠦ᠂ ᠤᠴᠢᠷ ᠶᠠᠪᠤᠳᠠᠯ ᠬᠢᠬᠦ ᠳᠡᠭᠡᠨ ᠢᠯᠡᠭᠦᠦ ᠵᠥᠪᠳᠡᠯᠴᠡᠬᠦ ᠣᠨᠴᠠᠯᠢᠭ ᠪᠠ ᠳᠠᠪᠠᠭᠤᠯᠢᠭ ᠢ ᠭᠦᠢᠴᠡᠳ ᠢᠯᠡᠷᠡᠭᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠶᠢᠰᠢᠳᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠢᠮᠠᠭᠲᠠ ᠪᠠᠷᠢᠮᠲᠠᠯᠠᠵᠤ ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠵᠠᠷᠴᠢᠮ ᠢ ᠢᠮᠠᠭᠲᠠ ᠪᠠᠷᠢᠮᠲᠠᠯᠠᠵᠤ᠂ ᠵᠥᠪᠯᠡᠯᠭᠡ ᠬᠢᠬᠦ ᠶᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠴᠠ ᠡᠮᠦᠨ᠎ᠡ ᠪᠠ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠶᠠᠪᠤᠴᠠ ᠳᠤ ᠪᠠᠷᠢᠮᠲᠠᠯᠠᠵᠤ᠂ ᠵᠥᠪᠯᠡᠯᠭᠡ ᠬᠢᠬᠦ ᠠᠷᠠᠳᠴᠢᠯᠠᠯ ᠢ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠵᠥᠪᠯᠡᠯᠭᠡ ᠬᠢᠬᠦ ᠠᠭᠤᠯᠭ᠎ᠠ ᠶᠢ ᠲᠠᠰᠤᠷᠠᠯᠳᠠ ᠦᠭᠡᠢ ᠥᠷᠭᠡᠳᠬᠡᠵᠦ᠂ ᠵᠥᠪᠯᠡᠯᠭᠡ ᠬᠢᠬᠦ ᠬᠡᠯᠪᠡᠷᠢ ᠶᠢ ᠪᠠᠶᠠᠯᠢᠭᠵᠢᠭᠤᠯᠤᠨ᠂ ᠵᠥᠪᠯᠡᠯᠭᠡ ᠬᠢᠬᠦ ᠵᠢᠷᠤᠮ ᠢ ᠵᠢᠷᠤᠮᠵᠢᠭᠤᠯᠵᠤ᠂ ᠵᠥᠪᠯᠡᠯᠭᠡ ᠬᠢᠬᠦ ᠨᠢᠭᠲᠠᠴᠠ ᠶᠢ ᠨᠡᠮᠡᠭᠳᠡᠭᠦᠯᠦᠨ᠂ ᠵᠥᠪᠯᠡᠯᠭᠡ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠤᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ︽ᠵᠢᠷᠭᠤᠭᠠᠨ ᠰᠢᠨ᠎ᠡ ᠦᠴᠤᠸᠠᠨ︾ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号