ᠶᠠᠩ ᠰᠢᠩ ᠱᠧᠩ ᠦᠴᠤᠸᠠᠨ ᠰᠢᠶᠠᠨ ᠤ ᠬᠤᠲᠠ ᠪᠠᠯᠭᠠᠰᠤᠵᠢᠯᠲᠠ ᠶᠢᠨ ᠰᠢᠶᠠᠨ ᠤ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ ᠤᠨ ᠭᠤᠷᠪᠠᠨ ᠵᠢᠯ ᠤᠨ ᠠᠵᠢᠯᠯᠠᠭ᠎ᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
     8 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠤᠸᠠᠨ ᠰᠢᠶᠠᠨ ᠤ ᠬᠤᠲᠠ ᠪᠠᠯᠭᠠᠰᠤᠵᠢᠯᠲᠠ ᠶᠢᠨ ᠰᠢᠶᠠᠨ ᠤ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ ᠤᠨ ᠭᠤᠷᠪᠠᠨ ᠵᠢᠯ ᠤᠨ ᠠᠵᠢᠯᠯᠠᠭ᠎ᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠨ ᠶᠡᠷᠦᠩᠬᠡᠢ ᠲᠥᠯᠥᠪᠵᠢᠭᠦᠯᠭᠡ ᠶᠢ ᠲᠠᠨᠢᠯᠴᠠᠭᠤᠯᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠦᠴᠤᠸᠠᠨ ᠰᠢᠶᠠᠨ ᠤ ᠬᠤᠲᠠ ᠪᠠᠯᠭᠠᠰᠤᠵᠢᠯᠲᠠ ᠶᠢᠨ ᠰᠢᠶᠠᠨ ᠤ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠤᠨ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠮᠠᠨ ᠤ ᠰᠢᠶᠠᠨ ᠤ ᠣᠳᠣ ᠪᠠᠶᠢᠭ᠎ᠠ ᠲᠡᠦᠬᠡ᠂ ᠬᠤᠪᠢᠰᠬᠠᠯ᠂ ᠪᠣᠬᠢᠷᠲᠤᠯ ᠦᠭᠡᠶ ᠵᠡᠷᠭᠡ ᠤᠨᠴᠠᠯᠢᠭᠳᠤ ᠡᠬᠢ ᠪᠠᠶᠠᠯᠢᠭ ᠤᠨ ᠲᠣᠭᠤᠷᠢᠨ ᠳᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠰᠡᠯᠡᠭᠦᠴᠡᠯ ᠵᠤᠭ᠎ᠠ ᠴᠡᠩᠭᠡᠯ ᠵᠡᠷᠭᠡ ᠡᠯᠧᠮᠧᠨ᠋ᠲ ᠲᠠᠢ ᠤᠶᠠᠯᠳᠤᠭᠤᠯᠤᠨ᠂ ᠪᠠᠶᠢᠷᠢᠯᠠᠭᠤᠯᠤᠯᠲᠠ ᠪᠠᠨ ᠤᠷᠢᠳᠴᠢᠯᠠᠨ ᠲᠥᠯᠥᠪᠯᠡᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭ ᠰᠢᠭᠤᠳᠴᠤ᠂ ᠢᠷᠡᠭᠡᠳᠦᠢ ᠶᠢᠨ 3 ᠵᠢᠯ ᠤᠨ ᠬᠥᠭᠵᠢᠯᠲᠡ ᠶᠢᠨ ᠬᠤᠭᠤᠴᠠᠭ᠎ᠠ ᠶᠢ ᠠᠰᠢᠭᠯᠠᠵᠤ᠂ ᠮᠠᠨ ᠤ ᠰᠢᠶᠠᠨ ᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠰᠢᠶᠠᠨ ᠢ ᠠᠭᠠᠵᠢᠮ ᠢᠶᠠᠷ ᠠᠵᠤ ᠦᠢᠯᠡᠰ ᠤᠨ ᠬᠥᠭᠵᠢᠯᠲᠡ ᠨᠡᠩ ᠵᠣᠬᠢᠴᠠᠩᠭᠤᠢ᠂ ᠠᠮᠢ ᠠᠬᠤᠢ ᠶᠢᠨ ᠣᠷᠴᠢᠨ ᠲᠣᠭᠤᠷᠢᠨ ᠨᠡᠩ ᠭᠤᠶᠢᠳᠠ ᠰᠠᠶᠢᠬᠠᠨ᠂ ᠴᠢᠳᠠᠮᠵᠢ ᠢᠵᠢ ᠪᠦᠷᠢᠳᠦᠭᠰᠡᠨ᠂ ᠬᠤᠳᠠ ᠬᠥᠳᠡᠭᠡ ᠶᠢᠨ ᠬᠥᠭᠵᠢᠯᠲᠡ ᠨᠡᠩ ᠠᠭᠤᠰᠤᠯᠴᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠰᠢᠰᠲ᠋ᠧᠮ ᠪᠣᠯᠭᠠᠨ ᠪᠠᠶᠢᠭᠤᠯᠵᠤ᠂ ᠡᠭᠦᠨ ᠤ ᠤᠯᠠᠮ ᠠᠴᠠ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号