ᠬᠥᠬᠡᠬᠤᠲᠠ ᠶᠢᠨ ᠣᠷᠣᠶ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠢᠦᠶ ᠶᠠ ᠵᠢᠶᠦ᠋ᠨ︶ | ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ 2022 | ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ | ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠠ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠠᠵᠢᠯ ᠤᠨ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ 2022 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ | ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠠ᠄ 2021 ᠣᠨ ᠤ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠲᠤᠰᠢᠶᠠᠬᠤ ᠰᠦᠢᠳᠬᠡᠯ ᠤᠨ ᠪᠠᠷᠢᠮᠵᠢᠶ᠎ᠠ ᠨᠢ 320 | ᠲᠥᠭᠦᠷᠢᠭ ᠠᠴᠠ ᠳᠣᠤᠷ᠎ᠠ ᠥᠬᠡᠶ᠂ ᠬᠥᠮᠦᠨ ᠳᠤᠮᠳᠠᠴᠢ ᠶᠢᠨ ᠲᠤᠰᠢᠶᠠᠬᠤ ᠰᠦᠢᠳᠬᠡᠯ ᠨᠢ 320 ᠲᠥᠭᠦᠷᠢᠭ ᠲᠤ | ᠭᠦᠷᠦᠭᠰᠡᠨ ᠥᠬᠡᠶ ᠪᠠᠶᠢᠪᠠᠯ᠂ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠳᠠᠭᠠᠨ ᠨᠥᠬᠦᠵᠦ ᠲᠤᠰᠢᠶᠠᠬᠤ ᠠᠵᠢᠯ ᠢ ᠬᠠᠮᠲᠤ ᠳᠤᠨᠢ ᠰᠠᠶᠢᠲᠤᠷ | ᠬᠢᠨ᠎ᠠ᠃ 2022 ᠣᠨ ᠳᠤ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠨᠠᠰᠤᠨ ᠳᠤ ᠭᠦᠷᠦᠭᠰᠡᠳ ᠪᠠ ᠰᠣᠷᠣᠭᠴᠢ᠂ ᠬᠡᠤᠬᠡᠳ ᠤᠨ ᠬᠤᠪᠢ ᠬᠥᠮᠦᠨ ᠤ | ᠲᠤᠰᠢᠶᠠᠬᠤ ᠰᠦᠢᠳᠬᠡᠯ ᠳᠤ ᠨᠢᠭᠡᠳᠦᠯᠲᠡᠶ ᠪᠠᠷᠢᠮᠵᠢᠶ᠎ᠠ ᠶᠢ ᠬᠡᠷᠡᠭᠵᠢᠭᠦᠯᠵᠦ᠂ ᠬᠥᠮᠦᠨ ᠪᠦᠷᠢ 370 ᠲᠥᠭᠦᠷᠢᠭ ︵ | ᠨᠥᠬᠦᠵᠦ ᠲᠤᠰᠢᠶᠠᠬᠤ 2021 ᠣᠨ ᠤ ᠬᠥᠮᠦᠨ ᠪᠦᠷᠢ ᠶᠢᠨ 10 ᠲᠥᠭᠦᠷᠢᠭ ᠢ ᠪᠠᠭᠲᠠᠭᠠᠨ᠎ᠠ︶ ᠲᠤᠰᠢᠶᠠᠨ᠎ᠠ᠃ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷᠠᠬᠢ ᠲᠣᠰ ᠬᠤᠲᠠ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠡᠲᠡᠭᠡᠳ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠂ | ᠥᠨᠥᠴᠢᠨ ᠬᠡᠤᠬᠡᠳ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ᠂ ᠳᠣᠣᠷ᠎ᠠ ᠣᠷᠤᠯᠭ᠎ᠠ ᠲᠠᠢ ᠬᠡᠷ | ᠪᠦᠯᠢ ᠶᠢᠨ ᠬᠥᠮᠦᠰ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠬᠤᠪᠢ ᠬᠥᠮᠦᠨ ᠤ | ᠲᠤᠰᠢᠶᠠᠬᠤ ᠰᠦᠢᠳᠬᠡᠯ ᠢᠶᠠᠨ ᠳᠡᠭᠡᠷ᠎ᠡ ᠳᠤᠷᠠᠳᠤᠭᠰᠠᠨ ᠬᠤᠪᠢ ᠬᠥᠮᠦᠨ ᠤ ᠲᠤᠰᠢᠶᠠᠬᠤ ᠪᠠᠷᠢᠮᠵᠢᠶ᠎ᠠ ᠶᠢᠨ 50% ᠪᠠᠷ | ᠲᠤᠰᠢᠶᠠᠨ᠎ᠠ᠂ ᠲᠤᠬᠠᠶᠢᠯᠠᠪᠠᠯ ᠬᠥᠮᠦᠨ ᠪᠦᠷᠢ 185 ᠲᠥᠭᠦᠷᠢᠭ ︵ᠨᠥᠬᠦᠵᠦ ᠲᠤᠰᠢᠶᠠᠬᠤ 2021 ᠣᠨ ᠤ | ᠬᠥᠮᠦᠨ ᠪᠦᠷᠢ ᠶᠢᠨ 5 ᠲᠥᠭᠦᠷᠢᠭ ᠢ ᠪᠠᠭᠲᠠᠭᠠᠨ᠎ᠠ︶ ᠲᠤᠰᠢᠶᠠᠵᠤ᠂ ᠦᠯᠡᠳᠡᠭᠰᠡᠨ 50% ︵185 ᠲᠥᠭᠦᠷᠢᠭ︶ | ᠶᠢ ᠬᠤᠲᠠ ᠶᠢᠨ ᠲᠣᠰ ᠱᠠᠲᠤ ᠪᠣᠯᠤᠨ ᠬᠤᠰᠢᠭᠤ ᠰᠢᠶᠠᠨ ᠲᠣᠭᠤᠷᠢᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ | ᠡᠳ᠋ ᠤᠨ ᠵᠠᠰᠠᠭ ᠤᠨ ᠪᠠᠶᠢᠭᠤᠯᠤᠯ ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ | ᠳᠡᠭᠡᠷ᠎ᠡ ᠳᠤᠷᠠᠳᠤᠭᠰᠠᠨ ᠡᠮᠴᠢᠯᠡᠭᠡ ᠶᠢᠨ ᠲᠤᠰᠠᠯᠠᠮᠵᠢ᠂ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷᠠᠬᠢ ᠬᠤᠲᠠ ᠬᠥᠳᠡᠭᠡ ᠶᠢᠨ ᠣᠨᠴᠠ | ᠬᠦᠴᠢᠷᠳᠡᠯᠲᠡᠢ ᠬᠥᠮᠦᠰ ᠤᠨ ᠬᠤᠪᠢ ᠬᠥᠮᠦᠨ ᠤ ᠲᠤᠰᠢᠶᠠᠬᠤ ᠬᠡᠰᠡᠭ ᠢ ᠡᠮᠴᠢᠯᠡᠭᠡ ᠶᠢᠨ ᠲᠤᠰᠠᠯᠠᠮᠵᠢ ᠶᠢᠨ ᠰᠠᠭᠤᠷᠢ | ᠮᠥᠩᠭᠦ ᠠᠴᠠ ᠪᠦᠬᠦ ᠲᠤᠭ᠎ᠠ ᠪᠠᠷ ᠲᠤᠰᠠᠯᠠᠵᠤ᠂ ᠪᠤᠰᠤᠳ ᠰᠠᠭᠤᠭᠠᠯᠢ ᠠᠷᠠᠳ ᠤᠨ ᠬᠤᠪᠢ ᠬᠥᠮᠦᠨ ᠤ ᠲᠤᠰᠢᠶᠠᠬᠤ | ᠬᠡᠰᠡᠭ ᠲᠤ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠨ᠎ᠠ᠂ ᠲᠤᠰᠠᠯᠠᠮᠵᠢ ᠶᠢᠨ ᠪᠣᠳᠠᠲᠠᠶ ᠪᠠᠷᠢᠮᠵᠢᠶ᠎ᠠ ᠶᠢ ᠮᠠᠨ ᠤ | ᠬᠤᠲᠠ ᠶᠢᠨ ᠡᠮᠴᠢᠯᠡᠭᠡ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠰᠤᠷᠭᠠᠭᠤᠯᠢ ︵ᠬᠡᠤᠬᠡᠳ ᠤᠨ ᠴᠡᠴᠡᠷᠯᠢᠭ︶ ᠳᠤ ᠪᠠᠶᠢᠭ᠎ᠠ ᠰᠣᠷᠣᠭᠴᠢ ᠬᠡᠤᠬᠡᠳ ᠠᠴᠠ ᠭᠠᠳᠠᠨ᠎ᠠ᠂ ᠲᠣᠰ | ᠬᠤᠲᠠ ᠳᠤ ᠣᠷᠣᠰᠢᠨ ᠰᠠᠭᠤᠬᠤ ᠦᠨᠡᠮᠯᠡᠯ ᠲᠠᠢ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠥᠬᠡᠶ ᠰᠠᠭᠤᠭᠠᠯᠢ | ᠠᠷᠠᠳ ᠬᠥᠮᠦᠨ ᠪᠦᠷᠢ 370 ᠲᠥᠭᠦᠷᠢᠭ ︵ᠨᠥᠬᠦᠵᠦ ᠲᠤᠰᠢᠶᠠᠬᠤ 2021 ᠣᠨ ᠤ ᠬᠥᠮᠦᠨ ᠪᠦᠷᠢ ᠶᠢᠨ 10 | ᠲᠥᠭᠦᠷᠢᠭ ᠢ ᠪᠠᠭᠲᠠᠭᠠᠨ᠎ᠠ︶ ᠤᠨ ᠪᠠᠷᠢᠮᠵᠢᠶ᠎ᠠ ᠪᠠᠷ ᠬᠤᠪᠢ ᠬᠥᠮᠦᠨ ᠤ ᠡᠮᠴᠢᠯᠡᠭᠡ ᠶᠢᠨ ᠳᠠᠭᠠᠳᠬᠠᠯ ᠤᠨ ᠰᠦᠢᠳᠬᠡᠯ | ᠲᠤᠰᠢᠶᠠᠨ᠎ᠠ︔ ᠲᠣᠰ ᠬᠤᠲᠠ ᠳᠤ ᠣᠷᠣᠰᠢᠨ ᠰᠠᠭᠤᠬᠤ ᠦᠨᠡᠮᠯᠡᠯ ᠢ ᠬᠠᠩᠭᠠᠵᠤ ᠳᠡᠶᠢᠯᠬᠦ ᠥᠬᠡᠶ ᠲᠣᠰ ᠬᠤᠲᠠ ᠶᠢᠨ | ᠡᠷᠦᠬᠡ ᠠᠮᠠ ᠶᠢᠨ ᠲᠠᠩᠰᠠ ᠦᠭᠡᠢ ᠰᠠᠭᠤᠭᠠᠯᠢ ᠠᠷᠠᠳ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠬᠡᠰᠡᠭ | ᠪᠠ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠬᠡᠰᠡᠭ ᠢ ᠲᠣᠰ ᠬᠥᠮᠦᠨ ᠭᠦᠢᠴᠡᠳ ᠲᠤᠭ᠎ᠠ ᠪᠠᠷ | ᠲᠤᠰᠢᠶᠠᠵᠤ᠂ ᠨᠡᠶᠢᠲᠡ 950 ᠲᠥᠭᠦᠷᠢᠭ ︵ᠨᠥᠬᠦᠵᠦ ᠲᠤᠰᠢᠶᠠᠬᠤ 2021 ᠣᠨ ᠤ ᠬᠥᠮᠦᠨ ᠪᠦᠷᠢ ᠶᠢᠨ 10 | ᠲᠥᠭᠦᠷᠢᠭ ᠢ ᠪᠠᠭᠲᠠᠭᠠᠨ᠎ᠠ︶ ᠲᠤᠰᠢᠶᠠᠨ᠎ᠠ᠃ | ᠬᠥᠬᠡᠬᠤᠲᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ | ᠲᠤᠷᠰᠢᠯᠲᠠ ᠶᠢᠨ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠥᠬᠦᠶ ᠮᠡᠳᠡᠭᠳᠡᠯ ᠢ ᠦᠨᠳᠦᠰᠦᠯᠡᠪᠡᠯ᠂ ᠮᠠᠨ ᠤ | ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ 2022 ᠣᠨ ᠤ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠨᠢ 10 ᠲᠥᠭᠦᠷᠢᠭ | ᠪᠣᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠲᠠᠢ ᠬᠠᠮᠲᠤ ᠲᠠᠲᠠᠪᠤᠷᠢᠯᠠᠨ᠎ᠠ᠃ | | |