ᠡᠨᠡ ᠵᠢᠯ ᠠᠴᠠ ᠨᠠᠭᠠᠰᠢ᠂ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ | ᠨᠢᠭᠡ ᠴᠣᠩᠬᠤ︾ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ | ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠨᠢᠭᠡᠳᠦᠭᠡᠷ | ᠳᠠᠪᠬᠤᠷᠯᠢᠭ ᠤᠨ ᠵᠡᠭᠦᠨ ᠲᠠᠯ᠎ᠠ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠭᠠᠷᠭᠠᠵᠤ᠂ | ᠣᠴᠢᠷ ᠶᠠᠪᠤᠳᠠᠯ ᠭᠦᠢᠴᠡᠳᠬᠡᠬᠦ ᠣᠯᠠᠨ ᠲᠦᠮᠡᠨ ᠶᠡᠷᠦᠩᠬᠡᠶᠢᠯᠡᠭᠰᠡᠨ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ | ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ ᠮᠠᠲ᠋ᠧᠷᠢᠶᠠᠯ ᠢᠶᠠᠨ ᠲᠤᠰᠢᠶᠠᠵᠤ᠂ ᠠᠵᠢᠯᠲᠠᠨ ᠠᠷᠤ | ᠲᠠᠪᠴᠠᠩ ᠠᠴᠠ ᠲᠥᠷᠥᠯ ᠬᠤᠪᠢᠶᠠᠨ ᠭᠦᠢᠴᠡᠳᠬᠡᠵᠦ᠂ ᠭᠦᠢᠴᠡᠳᠬᠡᠵᠦ ᠳᠠᠭᠤᠰᠤᠭᠰᠠᠨ ᠤ ᠳᠠᠷᠠᠭ᠎ᠠ ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠵᠦ ᠭᠡᠷᠡᠴᠢ ᠭᠠᠷᠭᠠᠬᠤ ᠴᠣᠩᠬᠤ ᠠᠴᠠ ᠬᠤᠯᠪᠣᠭᠳᠠᠯ ᠪᠥᠬᠦᠶ ᠦᠨᠡᠮᠯᠡᠯ ᠢ ᠭᠠᠷᠭᠠᠨ | ᠥᠭᠴᠦ᠂ ᠣᠯᠠᠨ ᠲᠦᠮᠡᠨ ᠢ ᠡᠯ᠎ᠡ ᠴᠣᠩᠬᠤᠨ ᠳᠤ ᠣᠯᠠᠨ ᠤᠳᠠᠭ᠎ᠠ ᠬᠦᠶᠦᠯᠭᠡᠬᠦ ᠠᠴᠠ ᠵᠠᠶᠢᠯᠠᠰᠬᠢᠵᠠᠢ᠃ ᠵᠢᠷᠤᠭ | ᠪᠣᠯ ᠬᠤᠲᠠ ᠶᠢᠨ ᠠᠷᠠᠳ ᠠᠵᠢᠯᠲᠠᠨ ᠤ ᠪᠠᠨ ᠵᠢᠯᠣᠭᠤᠳᠣᠯᠭ᠎ᠠ ᠳᠣᠣᠷ᠎ᠠ ᠲᠤᠬᠠᠶᠢᠯᠠᠭᠰᠠᠨ ᠠᠵᠢᠯ ᠢᠶᠠᠨ | ᠭᠦᠢᠴᠡᠳᠬᠡᠵᠦ ᠪᠠᠶᠢᠭ᠎ᠠ ᠨᠢ᠃ ᠰᠤᠷᠪᠤᠯᠵᠢᠯᠠᠭᠴᠢ ᠯᠢᠦ ᠵᠢᠶᠦ᠋ᠨ ᠰᠡᠭᠦᠳᠡᠷᠯᠡᠪᠡ |