ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
     8 ᠰᠠᠷ᠎ᠠ ᠶᠢᠨ 24 ᠤ ᠤᠷᠤᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠶᠠᠪᠤᠳᠠᠯ ᠢ ᠰᠤᠳᠤᠯᠪᠠ︔ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠵᠢᠴᠢ ᠪᠡᠯᠡ ᠮᠥᠩᠭᠦ ᠶᠢ ᠰᠠᠯᠭᠠᠨ ᠥᠭᠴᠦ ᠬᠡᠷᠡᠭᠯᠡᠭᠰᠡᠨ ᠪᠠᠶᠢᠳᠠᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠦᠴᠤᠸᠠᠨ ᠰᠢᠶᠠᠨ ᠤ 2022 ᠣᠨ ᠤ ᠲᠥᠪ ᠤᠨ ᠡᠳ᠋ ᠤᠨ ᠵᠠᠰᠠᠭ ᠠᠴᠠ ᠬᠤᠳᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠳᠡᠮᠵᠢᠬᠦ ᠠᠵᠢᠯ ᠤᠨ ᠲᠥᠯᠥᠪᠯᠡᠭᠡ ᠶᠢ ᠰᠤᠳᠤᠯᠪᠠ᠃      ᠬᠠᠳᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ᠂ ᠰᠠᠯᠭᠠᠨ ᠥᠭᠴᠦ ᠬᠡᠷᠡᠭᠯᠡᠭᠰᠡᠨ ᠪᠠᠶᠢᠳᠠᠯ ᠢ ᠲᠣᠳᠣᠷᠬᠠᠶᠢᠯᠠᠵᠤ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠦᠷᠦᠯ ᠵᠦᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃ ᠡᠯ᠎ᠡ ᠰᠢᠶᠠᠩ ᠪᠠᠯᠭᠠᠰᠤ ᠨᠤᠭᠤᠳ ᠢᠨᠵᠧᠨᠧᠷᠢᠩ ᠤᠨ ᠬᠡᠷᠡᠭᠵᠢᠭᠦᠯᠬᠦ ᠠᠬᠢᠴᠠ ᠶᠢ ᠨᠢᠭᠡᠳᠦᠯᠲᠡᠶ ᠲᠥᠯᠥᠪᠯᠡᠵᠦ᠂ ᠲᠥᠷᠥᠯ ᠵᠦᠢᠯ ᠢ ᠴᠠᠭ ᠲᠤᠬᠠᠶ ᠳᠤ ᠨᠢ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠠᠳᠠ ᠴᠢᠬᠤᠯᠠᠴᠢᠯᠠᠭᠰᠠᠨ ᠨᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠢ ᠤᠯᠠᠮ ᠴᠢᠨᠠᠭᠰᠢᠳᠠ ᠰᠠᠶᠢᠲᠤᠷ ᠪᠠᠳᠠᠷᠠᠭᠤᠯᠵᠤ᠂ ᠲᠣᠮᠢᠯᠠᠭᠰᠠᠨ ᠺᠠᠳ᠋ᠷ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠤᠯᠤᠯᠴᠠᠨ ᠳᠤᠬᠢᠷᠠᠭᠤᠯᠬᠤ ᠶᠢ ᠰᠠᠶᠢᠲᠤᠷ ᠬᠢᠵᠦ᠂ ᠬᠠᠮᠢᠶᠠᠷᠤᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠲᠠᠯ᠎ᠠ ᠪᠠᠷ᠂ ᠬᠠᠳᠠ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠡᠮᠦᠨᠡᠬᠢ ᠬᠤᠭᠤᠴᠠᠭᠠᠨ ᠳᠤ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠡᠭᠦᠯᠳᠡᠷᠵᠢᠭᠦᠯᠬᠦ ᠪᠠᠷ ᠪᠠᠷᠠᠬᠤ ᠦᠭᠡᠢ ᠪᠠᠰᠠ ᠰᠠᠶᠢᠨ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠪᠣᠯᠤᠨ ᠠᠳᠠᠯ ᠠᠬᠤᠢ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠠᠷᠠᠳ ᠤᠯᠠᠨ ᠢ ᠦᠨᠡᠨᠬᠦ ᠲᠠᠭᠠᠯᠠᠮᠵᠢᠲᠠᠢ ᠰᠠᠭᠤᠯᠭᠠᠵᠤ᠂ ᠲᠠᠭᠠᠯᠠᠮᠵᠢᠲᠠᠢ ᠰᠠᠭᠤᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号