︵ᠰᠤᠷᠪᠤᠯᠵᠢᠯᠠᠭᠴᠢ ᠯᠢᠶᠠᠩ ᠵᠢᠩ ᠱᠤ᠋︶ ᠣᠶᠢᠷ᠎ᠠ ᠳᠤ᠂ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ | ᠲᠣᠪᠴᠢᠶ᠎ᠠ ᠶᠢᠨ ᠬᠢᠨ ᠡᠮᠴᠢᠯᠡᠭᠡ ᠶᠢᠨ ᠪᠠᠲᠤᠯᠠᠭ᠎ᠠ ᠶᠢᠨ ᠠᠷᠠᠳ ᠲᠤ ᠦᠢᠯᠡᠴᠢᠯᠡᠬᠦ ᠦᠢᠯᠡᠴᠢᠯᠡᠭᠡᠨ ᠤ ︽12393 | ︾ ᠬᠠᠯᠠᠮᠰᠢᠯ ᠤᠲᠠᠰᠤ ᠳᠤ ᠪᠦᠬᠦ ᠠᠷᠭ᠎ᠠ ᠵᠠᠮ ᠤᠨ ᠣᠶᠣᠨᠲᠣ ᠦᠢᠯᠡᠴᠢᠯᠡᠭᠡᠨ ᠤ ᠰᠢᠰᠲ᠋ᠧᠮ ᠢ ᠵᠢᠩᠬᠢᠨᠢ ᠪᠠᠷ | ᠠᠰᠢᠭᠯᠠᠯᠲᠠ ᠳᠤ ᠣᠷᠣᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠬᠢᠭᠡᠳ | ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠭᠤᠰᠤᠯᠴᠠᠯ ᠢ ᠳᠥᠯᠭᠢᠨ | ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠯᠠᠪᠯᠠᠯᠭ᠎ᠠ ᠶᠢᠨ ᠦᠢᠯᠡᠴᠢᠯᠡᠭᠡ ᠪᠠ ᠤᠴᠢᠷ ᠶᠠᠪᠤᠳᠠᠯ ᠭᠠᠷᠲᠠᠨ | ᠬᠦᠢᠴᠡᠳᠭᠡᠬᠦ ᠰᠢᠨ᠎ᠡ ᠶᠢ ᠡᠭᠦᠳᠬᠦ ᠰᠢᠪᠲᠤᠯᠤᠯᠲᠠ ᠶᠢ ᠪᠡᠶᠡᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ | ︽12393︾ ᠤᠶᠤᠨᠲᠤ ᠦᠢᠯᠡᠴᠢᠯᠡᠭᠡᠨ ᠤ ᠰᠢᠰᠲ᠋ᠧᠮ ᠨᠢ ᠣᠶᠣᠨ ᠢᠶᠠᠷ ᠭᠤᠣᠯ ᠪᠣᠯᠭᠠᠵᠤ᠂ ᠬᠥᠮᠦᠨ ᠤ | ᠬᠦᠴᠦᠨ ᠤ ᠦᠢᠯᠡᠴᠢᠯᠡᠭᠡ ᠪᠠᠷ ᠬᠠᠪᠰᠤᠷᠤᠮᠵᠢ ᠪᠣᠯᠭᠠᠵᠤ᠂ ᠣᠶᠣᠨ ᠪᠠ ᠬᠥᠮᠦᠨ ᠤ ᠬᠦᠴᠦ ᠬᠠᠮᠵᠢᠯᠴᠠᠭᠰᠠᠨ ᠪᠥᠬᠦ | ᠠᠷᠭ᠎ᠠ ᠵᠠᠮ ᠤᠨ ᠤᠶᠤᠨᠴᠢᠯᠠᠭᠰᠠᠨ ᠬᠡᠷᠡᠭᠯᠡᠭᠴᠢᠳ ᠤᠨ ᠦᠢᠯᠡᠴᠢᠯᠡᠭᠡᠨ ᠤ ᠰᠢᠰᠲ᠋ᠧᠮᠵᠢ ᠪᠣᠯᠵᠤ᠂ ᠡᠮᠴᠢᠯᠡᠭᠡ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠨᠢᠭᠡᠳᠦᠯᠲᠡᠶ ᠪᠠᠶᠢᠭᠤᠯᠤᠯᠲᠠ ᠶᠢ ᠪᠡᠶᠡᠯᠡᠭᠦᠯᠬᠦ ᠪᠠᠷ | ᠳᠠᠮᠵᠢᠭᠤᠯᠤᠨ᠂ ᠡᠯ᠎ᠡ ᠠᠷᠭ᠎ᠠ ᠵᠠᠮ ᠢᠶᠠᠷ ᠤᠶᠤᠨᠴᠢᠯᠠᠭᠰᠠᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠵᠢᠴᠢ | ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠴᠠᠭ ᠬᠤᠭᠤᠴᠠᠭ᠎ᠠ᠂ ᠭᠠᠵᠠᠷ ᠣᠷᠣᠨ ᠢ ᠬᠢᠵᠠᠭᠠᠷ ᠢ ᠬᠦᠯᠢᠶᠡᠬᠦ ᠦᠭᠡᠢ | ᠦᠢᠯᠡᠴᠢᠯᠡᠭᠡᠨ ᠤ ᠵᠠᠭᠪᠤᠷ ᠢᠶᠠᠷ ᠣᠯᠠᠨ ᠲᠦᠮᠡᠨ ᠤ ᠠᠰᠠᠭᠤᠳᠠᠯ ᠳᠤ ᠲᠦᠷᠭᠡᠨ ᠲᠤᠰᠬᠠᠯ ᠭᠠᠷᠭᠠᠵᠤ᠂ ︽ᠠᠷᠠᠳ ᠤᠨ | ᠬᠦᠰᠡᠯ ᠱᠠᠭᠠᠷᠳᠠᠯᠭ᠎ᠠ ᠪᠦᠬᠦᠨ ᠳᠤ ᠬᠠᠷᠢᠭᠤ ᠥᠭᠬᠦ︾ ᠶᠢ ᠪᠡᠶᠡᠯᠡᠭᠦᠯᠪᠡ᠃ ︽12393︾ ᠤᠶᠤᠨᠲᠤ | ᠦᠢᠯᠡᠴᠢᠯᠡᠭᠡᠨ ᠤ ᠰᠢᠰᠲ᠋ᠧᠮ ᠨᠢ ᠤᠲᠠᠰᠤᠨ ᠤ ᠦᠵᠦᠭᠦᠷ᠂ ︽ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ︾ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠪᠠ ᠠᠯᠪᠠᠨ ᠰᠦᠯᠵᠢᠶ᠎ᠡ ᠵᠡᠷᠭᠡ ᠪᠥᠬᠦ | ᠦᠢᠯᠡᠴᠢᠯᠡᠭᠡᠨ ᠤ ᠠᠷᠭ᠎ᠠ ᠵᠠᠮ ᠢ ᠪᠥᠬᠦ ᠲᠠᠯ᠎ᠠ ᠪᠠᠷ ᠬᠠᠮᠤᠷᠴᠤ᠂ ᠤᠲᠠᠰᠤᠨ ᠤ ᠦᠵᠦᠭᠦᠷ ᠤᠨ ᠤᠶᠤᠨᠲᠤ | ᠦᠢᠯᠡᠴᠢᠯᠡᠭᠡᠨ ᠤ ᠰᠢᠰᠲ᠋ᠧᠮ ᠵᠢᠴᠢ ᠬᠥᠮᠦᠨ ᠤ ᠬᠦᠴᠦᠨ ᠤ ᠰᠠᠭᠤᠳᠠᠯ ᠤᠨ ᠰᠢᠰᠲ᠋ᠧᠮ᠂ ᠢᠨᠲ᠋ᠧᠷ ᠰᠦᠯᠵᠢᠶᠡᠨ ᠤ | ᠦᠵᠦᠭᠦᠷ ᠤᠨ ᠤᠶᠤᠨᠲᠤ ᠮᠠᠰᠢᠨ ᠬᠥᠮᠦᠨ ᠤ ᠦᠢᠯᠡᠴᠢᠯᠡᠭᠡᠨ ᠤ ᠰᠢᠰᠲ᠋ᠧᠮ ᠵᠢᠴᠢ ᠬᠥᠮᠦᠨ ᠤ ᠬᠦᠴᠦᠨ ᠤ | ᠦᠢᠯᠡᠴᠢᠯᠡᠭᠡᠨ ᠤ ᠰᠢᠰᠲ᠋ᠧᠮ ᠢ ᠨᠢᠭᠲᠠ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠴᠢᠳ ᠲᠤ | 24 ᠴᠠᠭ ᠤᠨ ᠰᠦᠯᠵᠢᠶᠡᠨ ᠳᠡᠭᠡᠷᠡᠬᠢ ᠯᠠᠪᠯᠠᠯᠲᠠ ᠶᠢᠨ ᠦᠢᠯᠡᠴᠢᠯᠡᠭᠡ ᠬᠠᠩᠭᠠᠬᠤ ᠪᠣᠯᠪᠠ᠃ | ᠮᠡᠳᠡᠯᠭᠡ ᠶᠢ ᠤᠶᠤᠨᠴᠢᠯᠠᠨ ᠰᠢᠢᠳᠪᠦᠷᠢᠯᠡᠬᠦ ᠪᠠᠷ ᠳᠠᠮᠵᠢᠭᠤᠯᠤᠨ᠂ ᠡᠮᠴᠢᠯᠡᠭᠡ ᠶᠢᠨ ᠳᠠᠭᠠᠳᠬᠠᠯ ᠤᠨ | ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠵᠤ᠂ ︽12393︾ ᠤᠶᠤᠨᠲᠤ ᠦᠢᠯᠡᠴᠢᠯᠡᠭᠡᠨ ᠤ | ᠰᠢᠰᠲ᠋ᠧᠮ ᠤᠨ ᠡᠮᠴᠢᠯᠡᠭᠡ ᠶᠢᠨ ᠳᠠᠭᠠᠳᠬᠠᠯ ᠤᠨ ᠮᠡᠳᠡᠯᠭᠡ ᠶᠢᠨ ᠤᠶᠤᠨᠴᠢᠯᠠᠯᠲᠠ ᠶᠢ ᠪᠡᠶᠡᠯᠡᠭᠦᠯᠵᠦ᠂ ᠡᠯ᠎ᠡ | ᠲᠥᠷᠥᠯ ᠤᠨ ᠠᠬᠤᠶ ᠪᠠᠶᠢᠳᠠᠯ ᠢ ᠤᠶᠤᠨᠴᠢᠯᠠᠨ ᠬᠡᠷᠡᠭᠯᠡᠬᠦ ᠳᠤ ᠲᠥᠬᠦᠮ ᠦᠵᠡᠭᠦᠯᠵᠦ᠂ ᠡᠯ᠎ᠡ ᠲᠥᠷᠥᠯ ᠤᠨ | ᠲᠤᠬᠠᠶᠢᠯᠠᠭᠰᠠᠨ ᠠᠵᠢᠯ᠂ ᠣᠯᠠᠨ ᠵᠦᠢᠯ ᠤᠨ ᠠᠷᠭ᠎ᠠ ᠵᠠᠮ ᠤᠨ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠪᠠ᠃ ᠡᠭᠦᠨ ᠤ ᠵᠡᠷᠭᠡᠪᠡᠷ᠂ ᠣᠶᠣᠨᠲᠣ ᠦᠢᠯᠡᠴᠢᠯᠡᠭᠡᠨ ᠤ ᠰᠢᠰᠲ᠋ᠧᠮ ᠨᠢ ᠡᠮᠴᠢᠯᠡᠭᠡ ᠶᠢᠨ ᠳᠠᠭᠠᠳᠬᠠᠯ ᠤᠨ | ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠮᠡᠳᠡᠯᠭᠡ ᠣᠯᠭᠤᠵᠤ᠂ ᠡᠮᠴᠢᠯᠡᠭᠡ ᠶᠢᠨ | ᠳᠠᠭᠠᠳᠬᠠᠯ ᠤᠨ ᠠᠵᠢᠯᠲᠠᠨ᠂ ᠭᠠᠷᠲᠠᠨ ᠭᠦᠢᠴᠡᠳᠬᠡᠭᠴᠢᠳ ᠡᠮᠴᠢᠯᠡᠭᠡ ᠶᠢᠨ ᠳᠠᠭᠠᠳᠬᠠᠯ ᠤᠨ ᠮᠡᠳᠡᠯᠭᠡ ᠶᠢ ᠴᠠᠭ | ᠲᠤᠬᠠᠶ ᠳᠠᠭᠠᠨ᠂ ᠬᠡᠷᠡᠭᠴᠡᠭᠡ ᠱᠠᠭᠠᠷᠳᠠᠯᠭ᠎ᠠ ᠳᠠᠭᠠᠨ ᠨᠡᠶᠢᠴᠡᠭᠦᠯᠦᠨ ᠡᠷᠢᠬᠦ᠂ ᠠᠰᠠᠭᠤᠨ ᠯᠠᠪᠯᠠᠵᠤ᠂ ᠳᠣᠲᠣᠭᠠᠳᠤ ᠶᠢᠨ | ᠮᠡᠳᠡᠯᠭᠡ ᠶᠢᠨ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠵᠡᠷᠭᠡ ᠳᠤ ᠡᠯ᠎ᠡ ᠲᠤᠬᠠᠶᠢᠯᠠᠭᠰᠠᠨ | ᠠᠵᠢᠯ ᠤᠨ ᠬᠡᠰᠡᠭ ᠤᠨ ᠠᠰᠠᠭᠤᠨ ᠯᠠᠪᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ |