︽ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/30
     ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ︽ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠲᠥᠷᠥᠯ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠳᠣᠷᠬᠠᠶᠢᠯᠠᠪᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ︾ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ ᠬᠡᠮᠵᠢᠶ᠎ᠡ ᠮᠥᠨ᠂ ᠨᠠᠷᠢᠨ ᠣᠨᠣᠪᠴᠢᠲᠠᠶ ᠬᠠᠤᠯᠢ ᠬᠡᠷᠡᠭᠵᠢᠭᠦᠯᠬᠦ᠂ ᠨᠠᠷᠢᠯᠢᠭ  ᠦᠢᠯᠡᠴᠢᠯᠡᠬᠦ᠂ ᠨᠠᠷᠢᠯᠢᠭ ᠣᠨᠣᠴᠠᠲᠠᠶ ᠪᠠᠷ ᠬᠢᠨᠠᠨ ᠬᠠᠮᠢᠶᠠᠷᠬᠤ᠂ ᠴᠢᠩ ᠦᠨᠡᠨᠴᠢ ᠪᠠᠷ ᠬᠠᠮᠲᠤᠪᠠᠷ ᠵᠠᠰᠠᠬᠤ ᠶᠢ ᠳᠥᠯᠭᠢᠨ ᠠᠬᠢᠭᠤᠯᠬᠤ ᠶᠢᠨ ᠪᠣᠳᠠᠲᠠᠶ ᠢᠯᠡᠷᠡᠯ ᠮᠥᠨ᠃ ᠡᠳᠦᠭᠡ ᠲᠣᠰ ᠨᠠᠷᠢᠨ ᠲᠦᠷᠢᠮ ᠤᠨ ᠪᠣᠳᠠᠲᠠᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂  ᠬᠠᠮᠢᠶ᠎ᠠ ᠪᠦᠬᠦᠢ ᠠᠬᠤᠶ ᠪᠠᠶᠢᠳᠠᠯ      ᠣᠳᠣᠬᠠᠨ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠪᠠ ᠬᠢᠷᠢ ᠬᠡᠮᠵᠢᠶ᠎ᠡ ᠲᠠᠰᠤᠷᠠᠯᠲᠠ ᠥᠬᠡᠶ ᠴᠢᠩᠭᠠᠷᠠᠵᠤ ᠪᠠᠶᠢᠭ᠎ᠠ ᠪᠣᠯᠪᠠᠴᠤ ᠲᠠᠰᠤᠯᠤᠯᠲᠠ ᠶᠢᠨ ᠣᠷᠣᠨ ᠵᠠᠶ ᠬᠡᠲᠦ ᠶᠡᠭᠡ᠂ ᠬᠡᠮ ᠬᠡᠮᠵᠢᠶ᠎ᠡ ᠠᠳᠠᠯᠢ ᠥᠬᠡᠶ ᠪᠠᠶᠢᠬᠤ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠪᠠᠷ ᠳᠠᠮᠵᠢᠭᠤᠯᠤᠨ ᠂ ᠰᠢᠢᠳᠬᠡᠵᠦ ᠲᠤᠷᠭᠠᠬᠤ ᠬᠡᠷᠡᠭ ᠶᠠᠪᠤᠳᠠᠯ ᠢ ᠡᠷᠬᠡ ᠲᠡᠭᠰᠢ ᠲᠥᠪ ᠭᠤᠣᠯᠴᠢ ᠪᠠᠷ ᠰᠢᠢᠳᠪᠦᠷᠢᠯᠡᠬᠦ ᠶᠢ ᠲᠦᠷᠢᠮ ᠤᠨ ᠲᠠᠯ᠎ᠠ ᠠᠴᠠ ᠪᠠᠲᠤᠯᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠨᠢ ᠨᠡᠶᠢᠭᠡᠮ ᠤᠨ ᠵᠥᠷᠢᠴᠡᠯ ᠢ ᠠᠷᠢᠯᠭᠠᠬᠤ ᠪᠠ  ᠰᠢᠢᠳᠪᠦᠷᠢᠯᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠠᠰᠢᠭᠲᠠᠶ ᠶᠤᠮ᠃ ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠭᠡᠯ ᠲᠤᠷᠠᠭᠠᠭᠤᠯᠢ  ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠬᠦ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠳᠤᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ  ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ  ᠰᠢᠢᠳᠭᠡᠯ ᠲᠤᠷᠭᠠᠭᠤᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠲᠠᠰᠤᠯᠤᠯᠲᠠ ᠶᠢᠨ ᠡᠷᠭᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠤᠭᠲᠠᠭᠠᠯ ᠲᠦᠷᠢᠮ ᠲᠤᠭᠲᠠᠭᠠᠯ ᠢ ᠦᠨᠳᠦᠰᠦᠯᠡᠨ᠂ ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠨᠠᠷᠢᠨ ᠲᠦᠷᠢᠮ ᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ ᠶᠢᠨ ᠵᠠᠷᠴᠢᠮ᠂  ᠦᠢᠯᠡ ᠪᠠᠶᠢᠳᠠᠯ᠂ ᠵᠢᠷᠤᠮ ᠵᠡᠷᠭᠡ ᠲᠠᠯ᠎ᠠ ᠪᠠᠷ ᠲᠣᠭᠲᠠᠭᠠᠯ ᠭᠠᠷᠭᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠠᠳᠠᠯᠢ ᠪᠤᠰᠤ ᠦᠢᠯᠡ ᠠᠵᠢᠯᠯᠠᠭ᠎ᠠ ᠶᠢ ᠦᠨᠳᠦᠰᠦᠯᠡᠨ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠲᠠᠰᠤᠯᠤᠯᠲᠠ ᠶᠢᠨ ᠪᠣᠳᠠᠲᠠᠶ ᠪᠠᠷᠢᠮᠵᠢᠶ᠎ᠠ ᠶᠢ ᠲᠣᠭᠲᠠᠭᠠᠪᠠ᠃ ᠡᠭᠦᠨ ᠳᠤ ᠭᠤᠣᠯᠳᠠᠭᠤ ᠳᠣᠣᠷᠠᠬᠢ ᠬᠡᠳᠦᠨ ᠵᠦᠢᠯ ᠤᠨ ᠪᠠᠶᠢᠳᠠᠯ ᠪᠠᠭᠲᠠᠨ᠎ᠠ      ︵1︶ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ᠂ ᠤᠯᠤᠰ ᠤᠨ ᠬᠠᠮᠢᠶ᠎ᠠ ᠪᠥᠬᠦᠶ ᠲᠣᠭᠲᠠᠭᠠᠯ ᠢ ᠵᠥᠷᠢᠴᠡᠨ᠂ ᠲᠡᠶᠢᠨ ᠤ ᠦᠶ᠎ᠡ ᠳᠤ ᠠᠭᠠᠷ ᠤᠨ ᠰᠡᠷᠭᠡᠶᠢᠯᠡᠯᠲᠡ ᠳᠤ ᠬᠡᠷᠡᠭᠯᠡᠵᠦ ᠪᠣᠯᠬᠤ ᠭᠠᠵᠠᠷ ᠳᠣᠤᠷᠠᠬᠢ ᠬᠡᠷ ᠢ   ᠪᠠᠶᠢᠭᠤᠯᠤᠭᠰᠠᠨ ᠥᠬᠡᠶ ᠪᠤᠶᠤ ᠪᠠᠶᠢᠭᠤᠯᠬᠤ ᠶᠣᠰᠣᠲᠠᠶ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠬᠡᠷ ᠤᠨ ᠲᠠᠯᠠᠪᠠᠶ ᠪᠠ ᠲᠣᠭᠲᠠᠭᠠᠭᠰᠠᠨ ᠪᠠᠷᠢᠮᠵᠢᠶ᠎ᠠ ᠪᠠᠷ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠰᠦᠢᠳᠭᠡᠯ ᠲᠤᠰᠢᠶᠠᠭᠰᠠᠨ ᠥᠬᠡᠶ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵2︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠡᠵᠡᠯᠡᠨ ᠠᠪᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵3︶  ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠤᠯᠤᠰ ᠠᠴᠠ ᠲᠣᠭᠲᠠᠭᠠᠭᠰᠠᠨ ᠬᠠᠮᠠᠭᠠᠯᠠᠯᠲᠠ ᠶᠢᠨ ᠪᠠᠷᠢᠮᠵᠢᠶ᠎ᠠ ᠪᠣᠯᠤᠨ ᠶᠠᠰᠤ ᠴᠢᠨᠠᠷ ᠤᠨ ᠪᠠᠷᠢᠮᠵᠢᠶ᠎ᠠ ᠶᠢ ᠥᠯᠥ ᠵᠢᠷᠤᠮᠯᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ  ᠪᠠᠷᠢᠯᠭ᠎ᠠ ᠪᠠᠶᠢᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵4︶  ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠪᠣᠯᠤᠨ ᠪᠠᠷᠢᠯᠭ᠎ᠠ ᠶᠢᠨ ᠳᠣᠲᠣᠭᠠᠳᠤ ᠪᠡᠯᠡᠳᠬᠡᠮᠵᠢ ᠲᠥᠬᠦᠭᠡᠷᠦᠮᠵᠢ  ᠶᠢ ᠳᠤᠷ᠎ᠠ ᠪᠠᠷ ᠢᠶᠠᠨ ᠨᠤᠷᠠᠭᠠᠬᠤ ᠪᠤᠶᠤ ᠬᠤᠪᠢᠷᠠᠭᠤᠯᠬᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ᠃      ︵5︶ ᠪᠤᠰᠤᠳ ᠠᠷᠭ᠎ᠠ ᠪᠠᠷ  ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠠᠮᠤᠷ ᠲᠦᠪᠰᠢᠨ ᠪᠠ ᠬᠡᠷᠡᠭᠯᠡᠬᠦ ᠦᠢᠯᠡᠳᠦᠯ ᠴᠢᠳᠠᠪᠤᠷᠢ ᠶᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵6︶  ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠨᠤᠷᠠᠭᠠᠭᠰᠠᠨ  ᠤ ᠲᠠᠷᠠᠭ᠎ᠠ ᠨᠥᠬᠦᠵᠦ ᠪᠠᠶᠢᠭᠤᠯᠬᠤ ᠶᠢ ᠲᠡᠪᠴᠢᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵7︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ ᠶᠢᠨ ᠲᠤᠰᠬᠠᠶ ᠳᠠᠪᠲᠠᠮᠵᠢ ᠶᠢ ᠡᠵᠡᠯᠡᠨ ᠬᠡᠷᠡᠭᠯᠡᠭᠰᠡᠨ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠲᠠᠢ ᠠᠳᠠᠯᠢᠬᠠᠨ ᠲᠠᠭᠤ ᠴᠢᠮᠡᠭᠡᠨ ᠤ ᠳᠣᠬᠢᠶ᠎ᠠ ᠶᠢ ᠬᠡᠷᠡᠭᠯᠡᠭᠰᠡᠨ ᠪᠤᠶᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ᠂ ᠰᠡᠷᠡᠮᠵᠢ ᠶᠢᠨ ᠳᠣᠬᠢᠶᠠᠨ ᠤ ᠲᠥᠬᠦᠭᠡᠷᠦᠮᠵᠢ ᠪᠡᠯᠡᠳᠬᠡᠮᠵᠢ ᠶᠢ ᠳᠤᠷ᠎ᠠ ᠪᠠᠷ ᠢᠶᠠᠨ ᠵᠠᠳᠠᠯᠵᠤ ᠬᠠᠶᠠᠭᠰᠠᠨ ᠬᠠᠤᠯᠢ ᠠᠴᠠ ᠵᠥᠷᠢᠴᠡᠭᠰᠡᠨ  ᠠᠵᠢᠯᠯᠠᠭ᠎ᠠ᠃      ︵8︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ᠂ ᠰᠡᠷᠡᠮᠵᠢ ᠶᠢᠨ ᠳᠣᠬᠢᠶᠠᠨ ᠤ ᠲᠥᠬᠦᠭᠡᠷᠦᠮᠵᠢ ᠤᠭᠰᠠᠷᠠᠬᠤ ᠶᠢ ᠬᠠᠷᠰᠢᠯᠠᠭᠰᠠᠨ᠂ ᠵᠠᠯᠠᠷᠠᠭᠤᠯᠬᠤ ᠶᠢ ᠲᠡᠪᠴᠢᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵9︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠤ ᠬᠠᠶᠠᠭᠳᠠᠮᠠᠯ ᠤᠰᠤ᠂ ᠬᠠᠶᠠᠭᠳᠠᠮᠠᠯ ᠬᠡᠢ ᠭᠠᠳᠠᠭᠰᠢᠯᠠᠭᠤᠯᠤᠭᠰᠠᠨ ᠪᠤᠶᠤ ᠬᠠᠶᠠᠭᠳᠠᠮᠠᠯ ᠪᠣᠳᠠᠰ ᠠᠰᠬᠠᠵᠤ ᠴᠢᠳᠬᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      ︵10︶ ︵ᠨᠢᠭᠡ︶ ᠠᠷᠠᠳ ᠤᠨ ᠭᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ᠂ ᠪᠠᠷᠢᠯᠭ᠎ᠠ ᠶᠢᠨ ᠲᠥᠯᠥᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠴᠠ ᠡᠮᠦᠨ᠎ᠡ᠂ ᠠᠷᠠᠳ ᠤᠨ ᠠᠭᠠᠷ ᠢ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠢᠨᠠᠨ ᠬᠠᠷᠭᠤᠭᠤᠯᠬᠤ ᠭᠠᠷᠲᠠᠮ ᠢ ᠬᠠᠤᠯᠢ ᠶᠣᠰᠣᠭᠠᠷ ᠭᠦᠢᠴᠡᠳᠬᠡᠭᠰᠡᠨ ᠥᠭᠡᠢ︔ ︵ᠬᠤᠶᠠᠷ︶ ᠪᠠᠷᠢᠯᠭ᠎ᠠ ᠪᠠᠷᠢᠬᠤ ᠨᠢᠭᠡᠴᠡ  ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠤᠨ ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢᠶᠠᠨ ᠲᠣᠭᠲᠠᠭᠠᠯ ᠶᠣᠰᠣᠭᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠭᠤᠯᠤᠭᠰᠠᠨ ᠥᠭᠡᠢ︔ ︵ᠭᠤᠷᠪᠠ︶ ᠪᠠᠷᠢᠯᠭ᠎ᠠ ᠶᠢᠨ ᠵᠢᠷᠤᠭ ᠲᠤ ᠵᠠᠰᠠᠪᠤᠷᠢ ᠣᠷᠣᠭᠤᠯᠬᠤ   ᠳᠠᠭᠠᠨ ᠤᠤᠯ ᠤᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠᠷ ᠬᠢᠨᠠᠨ ᠪᠠᠶᠢᠴᠠᠭᠠᠯᠭᠠᠭᠰᠠᠨ ᠥᠭᠡᠢ ᠪᠥᠭᠡᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠥᠭᠡᠢ︔ ︵ᠳᠥᠷᠪᠡ︶ ᠵᠢᠷᠤᠭᠯᠠᠨ ᠲᠥᠯᠥᠪᠯᠡᠬᠦ ᠨᠢᠭᠡᠴᠡ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠢ ᠵᠢᠷᠤᠭᠯᠠᠨ ᠲᠥᠯᠥᠪᠯᠡᠬᠦ ᠳᠡᠭᠡᠨ ᠡᠩ ᠤᠨ ᠦᠶ᠎ᠡ ᠶᠢᠨ ᠪᠠ ᠲᠡᠶᠢᠨ ᠤ ᠦᠶ᠎ᠡ ᠶᠢᠨ ᠴᠢᠳᠠᠮᠵᠢ ᠶᠢ ᠬᠤᠪᠢᠷᠠᠭᠤᠯᠬᠤ ᠲᠥᠰᠦᠯ ᠢ ᠵᠡᠷᠭᠡ ᠳᠤᠨᠢ ᠲᠣᠭᠲᠠᠭᠠᠭᠰᠠᠨ ᠥᠬᠡᠶ︔ ︵ᠲᠠᠪᠤ︶ ᠪᠠᠷᠢᠯᠭ᠎ᠠ ᠪᠠᠷᠢᠬᠤ ᠨᠢᠭᠡᠴᠡ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ   ᠤᠨ  ᠰᠡᠷᠭᠡᠶᠢᠯᠡᠨ ᠬᠠᠮᠠᠭᠠᠯᠠᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷᠳᠠᠮ ᠢ ᠲᠣᠭᠲᠠᠭᠠᠯ ᠶᠣᠰᠣᠭᠠᠷ ᠭᠦᠢᠴᠡᠳᠬᠡᠭᠰᠡᠨ ᠥᠭᠡᠢ︔  ︵ᠵᠢᠷᠭᠤᠭ᠎ᠠ︶ ᠪᠠᠷᠢᠯᠭ᠎ᠠ ᠪᠠᠷᠢᠬᠤ ᠨᠢᠭᠡᠴᠡ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠥᠭᠡᠢ ᠪᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠲᠤᠰᠢᠶᠠᠨ ᠥᠭᠴᠦ ᠬᠡᠷᠡᠭᠯᠡᠭᠦᠯᠦᠭᠰᠡᠨ ᠵᠢᠷᠭᠤᠭᠠᠨ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃                                                 ᠢᠷᠡᠯᠲᠡ᠄ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号