ᠮᠠᠨ ᠤ ᠬᠤᠲᠠ ᠶᠢᠨ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ︵ᠠᠵᠢᠯ ᠤᠨ ᠳᠤᠭᠤᠶᠢᠯᠠᠩ ᠤᠨ ᠳᠠᠷᠤᠭ᠎ᠠ︶ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠶᠠᠪᠤᠭᠳᠠᠪᠠ
ᠨᠡᠶᠢᠲᠡᠯᠡᠭᠰᠡᠨ ᠴᠠᠭ᠄
2021/9/6
      ︵ᠰᠤᠷᠪᠤᠯᠵᠢᠯᠠᠭᠴᠢ ᠮᠢᠶᠣᠣ ᠰᠢᠨ︶ 9 ᠳ᠋ᠦ᠋ᠭᠡᠷ ᠰᠠᠷ᠎ᠠ ᠶᠢᠨ 4 ᠤ ᠡᠳᠦᠷ᠂ ᠬᠥᠬᠡᠬᠤᠲᠠ ᠶᠢᠨ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠪᠠᠷ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ︵ᠠᠵᠢᠯᠯᠠᠬᠤ ᠳᠤᠭᠤᠶᠢᠯᠠᠩ ᠤᠨ ᠳᠠᠷᠤᠭ᠎ᠠ︶ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠱᠦᠵᠢ ᠶᠢ ᠪᠦᠬᠦ ᠲᠠᠯ᠎ᠠ ᠪᠠᠷ ᠲᠣᠮᠢᠯᠠᠬᠤ ᠠᠵᠢᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠺᠠᠳ᠋ᠷ ᠴᠢᠳᠠᠪᠤᠷᠢᠲᠠᠨ ᠤ ᠳᠡᠮᠵᠢᠯᠭᠡ ᠬᠠᠩᠭᠠᠬᠤ ᠪᠣᠯᠤᠨ᠎ᠠ᠃ ᠲᠣᠮᠢᠯᠠᠭᠳᠠᠭᠰᠠᠨ ᠬᠥᠮᠦᠰ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠬᠦ ᠬᠡᠷᠡᠭᠲᠡᠢ︔ ᠠᠵᠢᠯ ᠤᠨ ᠠᠷᠭ᠎ᠠ ᠪᠠᠨ ᠳᠡᠭᠡᠭᠰᠢᠯᠡᠭᠦᠯᠵᠦ᠂ ᠰᠠᠭᠤᠭ᠎ᠠ ᠲᠣᠰᠬᠤᠨ ᠤ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ᠰᠢᠨ᠎ᠡ ᠪᠠᠷ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠡᠷᠬᠡᠪᠰᠢ ᠪᠡᠶ᠎ᠡ ᠪᠠᠨ ᠴᠢᠩᠭ᠎ᠠ ᠱᠠᠭᠠᠷᠳᠠᠵᠤ᠂ ᠰᠤᠷᠤᠯᠴᠠᠯᠭ᠎ᠠ ᠶᠢᠨ ᠰᠢᠰᠲ᠋ᠧᠮᠲᠦ ᠴᠢᠨᠠᠷ ᠢ ᠤᠬᠠᠮᠰᠠᠷ ᠠᠴᠠ ᠪᠠᠨ ᠴᠢᠩᠭᠠᠳᠬᠠᠵᠤ ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ᠂ ᠡᠭᠦᠷᠭᠡ ᠬᠠᠷᠠᠯᠲᠠ ᠵᠡᠷᠭᠡ ᠶᠢ ᠴᠥᠮ ᠳᠣᠲᠣᠷ᠎ᠠ ᠪᠠᠨ ᠲᠣᠳᠣᠷᠬᠠᠢ ᠪᠠᠶᠢᠵᠤ᠂ ᠦᠨᠡᠨᠬᠦ ᠤᠢᠢᠯᠠᠭᠠᠨ ᠰᠢᠩᠭᠡᠭᠡᠵᠦ ᠰᠤᠷᠮᠠᠭᠠᠢ ᠬᠡᠷᠡᠭᠯᠡᠵᠦ ᠴᠢᠳᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠬᠦᠴᠦᠷᠬᠡᠭᠵᠢᠭᠦᠯᠵᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠴᠢᠨᠡᠭᠡᠯᠢᠭᠵᠢᠭᠦᠯᠵᠦ᠂ ᠵᠠᠰᠠᠯᠲᠠ ᠶᠢᠨ ᠬᠢᠷᠢ ᠲᠦᠪᠰᠢᠨ ᠪᠣᠯᠤᠨ ᠠᠷᠠᠳ ᠤᠨ ᠲᠥᠯᠥᠭᠡ ᠠᠵᠢᠯ ᠬᠢᠵᠦ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠨᠡᠨᠬᠦ ᠰᠢᠢᠳᠦᠨ ᠪᠣᠳᠠᠲᠠᠢ ᠰᠠᠭᠤᠬᠤ᠂ ᠦᠨᠡᠨᠬᠦ ᠬᠠᠪᠰᠤᠷᠤᠨ ᠪᠣᠳᠠᠲᠠᠢ ᠲᠡᠳᠬᠦᠬᠦ ᠡᠷᠴᠢ ᠵᠣᠷᠢᠭ ᠢᠶᠠᠷ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤᠮᠳᠠ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠲᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠡᠢ᠃      ᠲᠣᠰ ᠤᠳᠠᠭᠠᠨ ᠤ ᠪᠣᠯᠪᠠᠰᠤᠷᠠᠭᠤᠯᠤᠯ ᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠵᠤ᠂ ᠲᠥᠪᠯᠡᠷᠡᠭᠦᠯᠦᠨ ᠬᠢᠴᠢᠶᠡᠯᠯᠡᠬᠦ ᠪᠠ ᠦᠵᠡᠯ ᠪᠣᠳᠤᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠡᠯᠪᠡᠷᠢ ᠪᠠᠷ ᠥᠷᠨᠢᠭᠦᠯᠦᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号