8 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ | ᠰᠢᠩ ᠱᠧᠩ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ | | | | | | ᠬᠤᠷᠠᠯ ᠠᠴᠠ ᠥᠪᠥᠷ ᠮᠣᠩᠭᠤᠯ ᠤᠨ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠵᠤ ᠴᠠᠬᠢᠯᠭᠠᠨ | ᠭᠠᠷᠭᠠᠬᠤ ᠬᠢᠵᠠᠭᠠᠷᠲᠤ ᠺᠣᠮᠫᠠᠨᠢ ᠶᠢᠨ ᠮᠠᠨ ᠤ ᠰᠢᠶᠠᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠵᠦᠢᠯ ᠤᠨ | ᠠᠵᠢᠯ ᠵᠢᠴᠢ ᠳᠠᠷᠠᠭᠠᠴᠢ ᠶᠢᠨ ᠠᠯᠬᠤᠮ ᠳᠤ ᠲᠤᠯᠭᠠᠷᠠᠵᠤ ᠮᠡᠳᠡᠬᠦ ᠬᠦᠴᠢᠷᠳᠡᠯ ᠤᠨ ᠲᠤᠬᠠᠢ ᠭᠦᠨᠵᠡᠭᠡᠢ ᠰᠣᠯᠢᠯᠴᠠᠨ | ᠶᠠᠷᠢᠯᠴᠠᠪᠠ᠃ | ᠶᠠᠩ ᠰᠢᠩ ᠱᠧᠩ ᠴᠢᠬᠤᠯᠠᠴᠢᠯᠠᠭᠰᠠᠨ ᠨᠢ᠂ ᠬᠥᠬᠡᠬᠤᠲᠠ ᠶᠢᠨ ᠴᠠᠬᠢᠯᠭᠠᠨ ᠦᠷᠳᠡᠭᠡ ᠦᠴᠤᠸᠠᠨ ᠰᠢᠶᠠᠨ ᠤ | ᠠᠵᠤ ᠠᠬᠤᠢ ᠨᠡᠶᠢᠭᠡᠮ ᠤᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠡᠨᠧᠷᠭᠢ | ᠬᠠᠳᠠᠭᠠᠯᠠᠬᠤ ᠴᠠᠬᠢᠯᠭᠠᠨ ᠦᠷᠳᠡᠭᠡ ᠶᠢ ᠪᠠᠶᠢᠭᠤᠯᠬᠤ ᠲᠦᠷᠦᠯ ᠵᠦᠢᠯ ᠨᠢ ᠠᠵᠤ ᠠᠬᠤᠢ ᠨᠡᠶᠢᠭᠡᠮ ᠤᠨ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠳᠤ ᠠᠰᠢᠭᠲᠠᠢ ᠪᠠᠶᠢᠵᠤ᠂ ᠮᠠᠨ ᠤ ᠰᠢᠶᠠᠨ ᠤ ︽ᠠᠮᠤᠷ ᠲᠦᠪᠰᠢᠨ᠂ ᠲᠣᠭᠲᠠᠭᠤᠨ᠂ | ᠬᠢᠮᠳᠠ᠂ ᠠᠷᠢᠭᠤᠨ ᠴᠡᠪᠡᠷ︾ ᠤᠳᠤ ᠦᠶ᠎ᠡ ᠶᠢᠨ ᠡᠨᠧᠷᠭᠢ ᠶᠢᠨ ᠬᠥᠭᠵᠢᠯᠲᠡ ᠶᠢᠨ ᠰᠡᠳᠬᠢᠴᠡ ᠲᠠᠢ ᠨᠡᠶᠢᠴᠡᠵᠠᠢ | ᠭᠡᠪᠡ᠃ | ᠶᠠᠩ ᠰᠢᠩ ᠱᠧᠩ ᠴᠢᠬᠤᠯᠠᠴᠢᠯᠠᠭᠰᠠᠨ ᠨᠢ᠂ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠨᠢᠭᠡᠴᠢ ᠪᠣᠯᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠵᠢᠷᠤᠭ ᠲᠥᠯᠥᠪᠯᠡᠭᠡ ᠶᠢᠨ ᠪᠠᠶᠢᠭᠤᠯᠤᠮᠵᠢ ᠶᠢᠨ ᠬᠢᠨ ᠲᠦᠷᠦᠯ ᠵᠦᠢᠯ ᠤᠨ | ᠰᠤᠳᠤᠯᠭᠠᠨ ᠢᠶᠠᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠪᠠᠨ ᠲᠣᠳᠣᠷᠬᠠᠶᠢᠯᠠᠵᠤ᠂ | ᠬᠤᠶᠢᠰᠢᠳᠠ ᠶᠢᠨ ᠬᠥᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠲᠥᠯᠥᠪᠵᠢᠭᠦᠯᠭᠡ ᠳᠤ᠂ | ᠠᠮᠢ ᠠᠬᠤᠢ ᠶᠢᠨ ᠤᠯᠠᠭᠠᠨ ᠱᠤᠭᠤᠮ ᠢ ᠬᠦᠨᠳᠡᠬᠦ ᠦᠭᠡᠢ ᠪᠠᠶᠢᠬᠤ ᠤᠷᠢᠲᠠᠯ ᠳᠣᠣᠷ᠎ᠠ᠂ ᠰᠢᠨᠵᠢᠯᠡᠬᠦ ᠤᠬᠠᠭᠠᠨᠴᠢ | ᠪᠥᠭᠡᠳ ᠪᠣᠳᠠᠲᠠᠢ ᠲᠠᠢ ᠨᠡᠶᠢᠴᠡᠬᠦ ᠪᠣᠯᠤᠮᠵᠢᠲᠤ ᠴᠢᠨᠠᠷᠲᠠᠢ ᠲᠥᠰᠦᠯ ᠢ ᠲᠣᠭᠲᠠᠭᠠᠬᠤ ᠶᠢ ᠬᠦᠰᠡᠵᠦ ᠪᠠᠶᠢᠨ᠎ᠠ︔ | ᠡᠭᠦᠨ ᠤ ᠬᠠᠮᠲᠤ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ | ᠤᠢ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ | ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ | ᠵᠣᠯᠭᠠᠯᠴᠠᠭ᠎ᠠ ᠪᠠᠨ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠬᠤ ᠶᠢ ᠬᠠᠮᠲᠤᠪᠠᠷ | ᠠᠬᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠠᠵᠤ ᠦᠢᠯᠡᠰ ᠤᠨ ᠦᠷᠭᠦᠯᠵᠢᠯᠡᠨ ᠡᠷᠡᠭᠦᠯ ᠪᠥᠭᠡᠳ ᠡᠮᠬᠢ | ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃ | |