ᠮᠠᠨ ᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠨᠡᠮᠡᠭᠳᠡᠭᠡᠳ 158 ᠪᠣᠯᠪᠠ
ᠨᠡᠶᠢᠲᠡᠯᠡᠭᠰᠡᠨ ᠴᠠᠭ᠄
2022/1/14
      ︵ᠰᠤᠷᠪᠤᠯᠵᠢᠯᠠᠭᠴᠢ ᠦ᠋ ᠽᠢ ᠰᠢᠤᠸᠠᠨ︶ ᠤᠢᠢᠷ᠎ᠠ ᠶᠢᠨ ᠡᠳᠦᠷ᠂ ᠮᠠᠨ ᠤ ᠣᠷᠣᠨ ᠤ 11 ᠲᠤᠷᠰᠢᠯᠲᠠ ᠶᠢᠨ ᠲᠠᠰᠤᠭ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ  ᠲᠤᠷᠰᠢᠯᠲᠠ ᠶᠢᠨ ᠲᠠᠰᠤᠭ ᠪᠣᠯᠭᠠᠨ ᠪᠠᠶᠢᠭᠤᠯᠬᠤ ᠪᠠᠷ ᠵᠥᠪᠰᠢᠶᠡᠷᠡᠭᠳᠡᠪᠡ᠂ ᠲᠤᠰ ᠤᠳᠠᠭ᠎ᠠ ᠰᠢᠨ᠎ᠡ ᠪᠠᠷ ᠨᠡᠮᠡᠭᠳᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ  ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠠᠶᠢᠷᠢᠰᠢᠭᠤᠯᠤᠯᠲᠠ ᠨᠡᠩ ᠵᠣᠬᠢᠰᠲᠠᠢ ᠪᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ  ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠬᠦ ᠪᠣᠯᠤᠨ᠎ᠠ᠃              ᠲᠣᠰ ᠤᠳᠠᠭ᠎ᠠ ᠵᠥᠪᠰᠢᠶᠡᠷᠡᠯ ᠣᠯᠤᠭᠰᠠᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠲᠠᠷᠢᠶᠠᠯᠠᠩ ᠮᠠᠯ ᠠᠵᠤ ᠠᠬᠤᠶ ᠶᠢᠨ  ᠲᠤᠷᠰᠢᠯᠲᠠ ᠶᠢᠨ ᠲᠠᠰᠤᠭ 2 ᠪᠠᠶᠢᠵᠤ᠂ ᠲᠤᠰᠪᠦᠷᠢ ᠬᠥᠬᠡ ᠳᠠᠷᠤᠰᠢ ᠶᠢᠨ ᠲᠡᠵᠢᠭᠡᠯ ᠪᠣᠷᠳᠣᠭᠠᠨ ᠤ ᠮᠢᠺᠷᠣᠪ ᠤᠨ ᠠᠮᠢ ᠠᠬᠤᠶ ᠶᠢᠨ ᠤᠬᠠᠭᠠᠨ᠂ ᠣᠶ ᠮᠣᠳᠣᠨ ᠤ ᠡᠭᠦᠯᠳᠡᠷ  ᠪᠤᠶᠢᠵᠢᠭᠤᠯᠬᠤ ᠰᠤᠳᠤᠯᠭᠠᠨ ᠤ ᠴᠢᠭᠯᠡᠯ ᠲᠠᠢ︔ ᠡᠨᠧᠷᠭᠢ ᠶᠢᠨ ᠰᠤᠷᠪᠤᠯᠵᠢ ᠶᠢᠨ ᠬᠦᠷᠢᠶ᠎ᠡ ᠶᠢᠨ ᠲᠤᠷᠰᠢᠯᠲᠠ ᠶᠢᠨ ᠲᠠᠰᠤᠭ 1 ᠪᠠᠶᠢᠵᠤ᠂ ᠰᠤᠳᠤᠯᠭᠠᠨ ᠤ ᠴᠢᠭᠯᠡᠯ ᠨᠢ ᠡᠨᠧᠷᠭᠢ ᠶᠢᠨ  ᠰᠤᠷᠪᠤᠯᠵᠢ ᠶᠢᠨ ᠬᠡᠮᠵᠢᠯᠲᠡ ᠶᠢᠨ ᠮᠡᠷᠭᠡᠵᠢᠯ︔ ᠡᠮᠨᠡᠯᠭᠡ ᠶᠢᠨ ᠤᠬᠠᠭᠠᠨ ᠤ ᠴᠠᠷᠠᠭᠠᠨ ᠤ ᠲᠤᠷᠰᠢᠯᠲᠠ ᠶᠢᠨ ᠲᠠᠰᠤᠭ 3 ᠪᠠᠶᠢᠵᠤ᠂ ᠲᠣᠰ ᠲᠣᠰ ᠡᠮ ᠤᠨ ᠬᠦᠴᠦᠨ ᠤ ᠪᠣᠳᠠᠰ ᠤᠨ  ᠰᠤᠳᠤᠯᠤᠯ᠂ ᠬᠡᠷᠦᠬᠦ ᠡᠪᠡᠳᠴᠢᠨ ᠤ ᠡᠪᠡᠳᠴᠢᠯᠡᠬᠦ ᠲᠣᠭᠲᠠᠴᠠ ᠪᠠ ᠡᠭᠡᠯᠢᠯᠡᠭᠡ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠤᠳᠤᠯᠭᠠᠨ ᠤ ᠴᠢᠭᠯᠡᠯ ᠲᠠᠢ᠃  ᠮᠠᠲ᠋ᠧᠷᠢᠶᠠᠯ ᠤᠨ  ᠴᠠᠷᠠᠭᠠᠨ ᠤ ᠲᠤᠷᠰᠢᠯᠲᠠ ᠶᠢᠨ ᠲᠠᠰᠤᠭ 4 ᠪᠠᠶᠢᠵᠤ᠂ ᠰᠤᠳᠤᠯᠭᠠᠨ ᠤ ᠴᠢᠭᠯᠡᠯ ᠨᠢ ᠲᠤᠰ ᠲᠤᠰ ᠠᠭᠠᠷ ᠣᠭᠲᠠᠷᠭᠤᠢ ᠶᠢᠨ ᠣᠨᠴᠠ ᠲᠦᠷᠦᠯ ᠤᠨ ᠮᠠᠲ᠋ᠧᠷᠢᠶᠠᠯ᠂  ᠲᠡᠷᠢᠭᠦᠨ ᠤ ᠨᠡᠶᠢᠯᠡᠮᠡᠯ ᠮᠠᠲ᠋ᠧᠷᠢᠶᠠᠯ ᠪᠣᠯᠤᠨ ᠦᠢᠯᠡᠳᠬᠦ ᠮᠡᠷᠭᠡᠵᠢᠯ᠂ ᠥᠨᠳᠥᠷ ᠴᠢᠳᠠᠪᠬᠢᠳᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠤᠯᠠᠨ ᠡᠰᠢᠲᠦ  ᠠᠯᠺᠣᠣᠯ ᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠪᠣᠯᠤᠨ᠎ᠠ︔ ᠮᠡᠳᠡᠭᠡ ᠵᠠᠩᠭᠢ ᠶᠢᠨ  ᠴᠠᠷᠠᠭᠠᠨ ᠤ ᠲᠤᠷᠰᠢᠯᠲᠠ ᠶᠢᠨ ᠲᠠᠰᠤᠭ 1 ᠪᠠᠶᠢᠵᠤ᠂ ᠰᠤᠳᠤᠯᠭᠠᠨ ᠤ  ᠴᠢᠭᠯᠡᠯ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠮᠤ ᠳ᠋ᠠᠶᠢᠲ᠋ᠠ ᠪᠣᠯᠤᠨ᠎ᠠ᠃              ᠣᠲᠣ ᠪᠣᠯᠲᠠᠯ᠎ᠠ᠂ ᠮᠠᠨ ᠤ ᠣᠷᠣᠨ ᠳᠤ ᠨᠡᠶᠢᠲᠡ 158 ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠵᠤ᠂ ᠡᠭᠦᠨ ᠳᠤ ᠤᠯᠤᠰ ᠤᠨ ᠲᠠᠰ ᠤᠨ ᠭᠤᠤᠯᠳᠠᠯᠭ᠎ᠠ ᠲᠠᠢ  ᠲᠤᠷᠰᠢᠯᠲᠠ ᠶᠢᠨ ᠲᠠᠰᠤᠭ 3᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ 155 ᠪᠣᠶ᠃ ᠥᠪᠡᠷᠲᠡᠭᠡᠨ ᠵᠠᠰᠠᠬᠤ ᠣᠷᠣᠨ ᠤ  ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠢᠨᠵᠢᠯᠡᠭᠡᠨ ᠤ ᠲᠥᠷᠥᠯ 117 ᠪᠠᠶᠢᠵᠤ᠂ ᠶᠡᠷᠦᠩᠬᠡᠶ ᠲᠣᠭᠠᠨ ᠤ 75.5% ᠶᠢ ᠡᠵᠡᠯᠡᠵᠦ᠂ ᠠᠵᠤ ᠠᠬᠤᠶᠢᠯᠠᠯ ᠤᠨ ᠲᠥᠷᠥᠯ  38 ᠪᠠᠶᠢᠵᠤ᠂ ᠶᠡᠷᠦᠩᠬᠡᠶ ᠲᠣᠭᠠᠨ ᠤ 24.5% ᠶᠢ  ‍ᠵᠡᠯᠡᠵᠦ ᠪᠣᠢ᠃  
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号