ᠮᠠᠨ ᠤ ᠬᠤᠲᠠ ᠶᠢᠨ ᠭᠤᠷᠪᠠᠨ ᠰᠣᠶᠣᠯ ᠤᠨ ᠣᠷᠳᠣᠨ ᠤᠯᠤᠰ ᠤᠨ ᠨᠢᠭᠡᠳᠦᠭᠡᠷ ᠳᠡᠰ ᠤᠨ ᠰᠣᠶᠣᠯ ᠤᠨ ᠣᠷᠳᠣᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2022/1/14
      ︵ᠰᠤᠷᠪᠤᠯᠵᠢᠯᠠᠭᠴᠢ ᠸᠠᠩ ᠵᠥᠩ ᠵᠸᠦ︶ ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠰᠣᠶᠣᠯ ᠤᠨ ᠣᠷᠳᠣᠨ ᠤ  ᠦᠨᠡᠯᠡᠨ ᠵᠢᠱᠢᠯᠲᠡ ᠪᠠᠷ ᠲᠠᠰ ᠲᠣᠭᠲᠠᠭᠠᠭᠰᠠᠨ ᠳᠡᠭᠡᠳᠦ ᠲᠠᠰ ᠤᠨ ᠰᠣᠶᠣᠯ ᠤᠨ ᠣᠷᠳᠣᠨ ᠤ ᠨᠡᠷᠡᠰ ᠢ ᠨᠡᠶᠢᠲᠡᠯᠡᠵᠦ᠂ ᠮᠠᠨ ᠤ ᠬᠤᠲᠠ ᠶᠢᠨ 3 ᠰᠣᠶᠣᠯ ᠤᠨ ᠣᠷᠳᠣᠨ ᠨᠢ  ᠤᠯᠤᠰ ᠤᠨ ᠨᠢᠭᠡᠳᠦᠭᠡᠷ ᠳᠡᠰ ᠤᠨ ᠰᠣᠶᠣᠯ ᠤᠨ ᠣᠷᠳᠣᠨ ᠢᠶᠠᠷ ᠦᠨᠡᠯᠡᠭᠳᠡᠪᠡ᠂ ᠲᠣᠰ ᠲᠣᠰ ᠬᠥᠬᠡᠬᠤᠲᠠ ᠶᠢᠨ ᠰᠣᠶᠣᠯ ᠤᠨ ᠣᠷᠳᠣᠨ᠂ ᠰᠢᠨ᠎ᠡ ᠬᠤᠲᠠ ᠲᠣᠭᠤᠷᠢᠭ ᠤᠨ  ᠰᠣᠶᠣᠯ ᠤᠨ ᠣᠷᠳᠣᠨ᠂ ᠰᠠᠶᠢᠬᠠᠨ ᠲᠣᠭᠤᠷᠢᠭ ᠤᠨ ᠰᠣᠶᠣᠯ ᠤᠨ ᠣᠷᠳᠣᠨ ᠪᠣᠯᠤᠨ᠎ᠠ᠃            ᠡᠭᠦᠨ ᠠᠴᠠ ᠭᠠᠳᠠᠨ᠎ᠠ᠂ ᠮᠠᠨ ᠤ ᠬᠤᠲᠠ ᠠᠴᠠ ᠪᠠᠰᠠ 4 ᠰᠣᠶᠣᠯ ᠤᠨ ᠣᠷᠳᠣᠨ ᠬᠤᠶᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠵᠤ᠂ 2 ᠰᠣᠶᠣᠯ ᠤᠨ  ᠣᠷᠳᠣᠨ ᠨᠢ ᠭᠤᠷᠪᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠪᠠ᠃ ᠬᠤᠶᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠭᠰᠠᠨ ᠨᠢ ᠲᠤᠰ ᠲᠤᠰ  ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠣᠷᠳᠣᠨ᠂ ᠢᠥᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ᠂ ᠲᠣᠭᠲᠠᠬᠤ ᠰᠢᠶᠠᠨ ᠤ ᠰᠣᠶᠣᠯ ᠤᠨ ᠣᠷᠳᠣᠨ᠂  ᠬᠤᠷᠢᠨᠭᠡᠷ ᠰᠢᠶᠠᠨ ᠤ ᠰᠣᠶᠣᠯ ᠤᠨ ᠣᠷᠳᠣᠨ ᠪᠣᠯᠤᠨ᠎ᠠ᠃ ᠭᠤᠷᠪᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠭᠰᠠᠨ ᠨᠢ ᠲᠤᠰ ᠲᠤᠰ ᠴᠢᠩ ᠱᠦᠶ ᠾᠧ ᠰᠢᠶᠠᠨ ᠤ  ᠰᠣᠶᠣᠯ ᠤᠨ ᠣᠷᠳᠣᠨ᠂ ᠦᠴᠤᠸᠠᠨ ᠰᠢᠶᠠᠨ ᠤ ᠰᠣᠶᠣᠯ ᠤᠨ ᠣᠷᠳᠣᠨ ᠪᠣᠯᠤᠨ᠎ᠠ᠃        ᠤᠢᠢᠷ᠎ᠠ ᠶᠢᠨ ᠵᠢᠯ ᠠᠴᠠ᠂ ᠬᠥᠬᠡᠬᠤᠲᠠ ᠶᠢᠨ ᠰᠣᠶᠣᠯ ᠤᠨ ᠣᠷᠳᠣᠨ ᠦᠢᠯᠡᠴᠢᠯᠡᠭᠡᠨ ᠤ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠰᠢᠨᠡᠴᠢᠯᠡᠵᠦ᠂ ᠦᠢᠯᠡᠴᠢᠯᠡᠭᠡᠨ ᠤ ᠬᠦᠷᠢᠶ᠎ᠡ  ᠴᠠᠷᠠᠭ᠎ᠠ ᠪᠠᠨ ᠥᠷᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠰᠣᠶᠣᠯ ᠤᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠵᠤ᠂ ᠤᠯᠠᠨ  ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠷᠦᠯ ᠵᠦᠢᠯ᠂ ᠠᠵᠢᠯᠯᠠᠭ᠎ᠠ᠂ ᠴᠢᠳᠠᠪᠤᠷᠢᠲᠠᠨ ᠪᠠ ᠮᠡᠳᠡᠭᠡ ᠵᠠᠩᠭᠢ ᠵᠡᠷᠭᠡ ᠡᠯ᠎ᠡ ᠵᠦᠢᠯ ᠤᠨ ᠡᠬᠢ ᠪᠠᠶᠠᠯᠢᠭ ᠢ ᠶᠡᠷᠦᠩᠬᠡᠶᠢᠯᠡᠨ  ᠠᠰᠢᠭᠯᠠᠬᠤ ᠪᠠ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠵᠡᠢ᠃ ᠡᠭᠦᠨ ᠤ ᠵᠡᠷᠭᠡᠪᠡᠷ ᠪᠠᠰᠠ ᠢᠨᠲ᠋ᠧᠷ ᠰᠦᠯᠵᠢᠶᠡᠨ ᠤ ᠰᠡᠳᠬᠢᠬᠦᠶ ᠶᠢ ᠬᠡᠷᠡᠭᠯᠡᠨ᠂  ᠲᠣᠭᠠᠴᠢᠯᠠᠯᠲᠠ ᠳᠤ ᠲᠦᠰᠢᠭᠯᠡᠨ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠰᠣᠶᠣᠯ ᠤᠨ ᠠᠵᠢᠯᠯᠠᠭ᠎ᠠ ᠶᠢ ᠠᠷᠠᠳ ᠣᠯᠠᠨ ᠤ ᠳᠡᠷᠭᠡᠳᠡ ᠬᠦᠷᠭᠡᠵᠦ᠂ ᠬᠤᠲᠠ  ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号