ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢᠨ ᠪᠠᠷᠠᠭ᠎ᠠ ᠶᠢᠨ ᠰᠢᠭᠤᠳ ᠨᠡᠪᠲᠡᠷᠡᠭᠦᠯᠭᠡ
ᠨᠡᠶᠢᠲᠡᠯᠡᠭᠰᠡᠨ ᠴᠠᠭ᠄
2022/1/17
       1 ᠳ᠋ᠦ᠋ᠭᠡᠷ ᠰᠠᠷ᠎ᠠ ᠶᠢᠨ 14 ᠤ ᠡᠳᠦᠷ᠂ ︽ᠳᠤᠮᠳᠠᠳᠤ ᠶᠢᠨ ᠦᠨᠳᠦᠰᠦᠲᠡᠨ ᠨᠥᠭᠦᠳ ᠨᠢᠭᠡ ᠭᠡᠷ  ᠤᠨ ᠬᠦᠮᠦᠨ ᠮᠡᠲᠦ ᠳᠤᠲᠤᠨᠤ᠂ ᠪᠣᠳᠠᠰ ᠤᠨ ᠪᠤᠰᠤ  ᠰᠣᠶᠣᠯ ᠤᠨ ᠥᠪ ᠢ ᠤᠯᠠᠮᠵᠢᠯᠠᠵᠤ ᠴᠠᠭᠠᠨ ᠰᠠᠷ᠎ᠠ ᠶᠢ  ᠪᠡᠯᠭᠡᠯᠡᠶ᠎ᠡ︾ ᠪᠠᠷ ᠰᠡᠳᠦᠪᠯᠡᠭᠰᠡᠨ 2022 ᠣᠨ ᠤ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ  ᠥᠪ ᠤᠨ ᠴᠠᠭᠠᠨ ᠰᠠᠷ᠎ᠠ ᠶᠢᠨ ᠪᠠᠷᠠᠭ᠎ᠠ ᠶᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠵᠢᠯᠯᠠᠭ᠎ᠠ ᠶᠡᠭᠡ ᠲᠦᠷᠭᠡᠨ ᠭᠤᠣᠯ ᠤᠨ ᠴᠡᠷᠢᠭ ᠤᠨ ᠭᠤᠣᠯ  ᠰᠡᠳᠦᠪᠲᠦ ᠴᠡᠴᠡᠷᠯᠢᠭ ᠲᠤ ᠶᠠᠪᠤᠭᠳᠠᠵᠤ᠂ ᠥᠷᠭᠡᠨ ᠤᠯᠠᠨ ᠬᠤᠳᠠ ᠶᠢᠨ ᠠᠷᠠᠳ ᠲᠤ ᠥᠪᠡᠷᠮᠢᠴᠡ ᠣᠨᠴᠠᠯᠢᠭ ᠲᠠᠢ ᠴᠠᠭᠠᠨ ᠰᠠᠷ᠎ᠠ ᠶᠢᠨ ᠪᠠᠷᠠᠭ᠎ᠠ ᠶᠢᠨ  ᠦᠪᠡᠳᠡᠭᠰᠢ ᠨᠠᠶᠢᠷ ᠬᠢᠵᠦ ᠥᠭᠴᠡᠢ᠃              ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂  ᠠᠵᠢᠯᠯᠠᠭ᠎ᠠ ᠨᠢ 1 ᠳ᠋ᠦ᠋ᠭᠡᠷ ᠰᠠᠷ᠎ᠠ ᠶᠢᠨ 14 ᠤ ᠡᠳᠦᠷ ᠠᠴᠠ ᠡᠬᠢᠯᠡᠵᠦ 1 ᠳ᠋ᠤᠭᠡᠷ ᠰᠠᠷ᠎ᠠ ᠶᠢᠨ 16 ᠤ ᠡᠳᠦᠷ ᠲᠡᠭᠦᠰᠴᠦ᠂ 3 ᠡᠳᠦᠷ ᠤᠨ ᠬᠤᠭᠤᠴᠠᠭ᠎ᠠ ᠲᠠᠢ  ᠶᠠᠪᠤᠭᠳᠠᠵᠠᠢ᠃            ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠶ ᠳᠤ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠤᠷᠢ ᠭᠠᠷᠤᠶ ᠢᠯᠡ ᠲᠣᠳᠣ  ᠣᠷᠣᠨ ᠨᠤᠲᠤᠭ ᠤᠨ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠱᠣᠣᠮᠠᠢ᠂ ᠶᠤᠤᠮᠠᠢ ᠶᠢᠨ ᠭᠤᠯᠢᠷ᠂ ᠠᠷᠠᠰᠤᠨ ᠵᠢᠷᠤᠭ᠂  ᠮᠠ  ᠣᠪᠤᠭᠲᠤ ᠶᠢᠨ ᠨᠠᠷᠢᠯᠢᠭ ᠪᠣᠭᠤᠷᠰᠤᠭ᠂ ᠰᠠᠶᠢᠬᠠᠨ ᠴᠣᠩᠬᠤᠨ ᠤ ᠬᠤᠸᠠᠷ᠂ ᠲᠣᠭᠲᠠᠬᠤ ᠶᠢᠨ ᠤᠯᠠᠮᠵᠢᠯᠠᠯᠲᠤ ᠴᠢᠨᠠᠭᠰᠠᠨ ᠵᠢᠭᠠᠰᠤ᠂ ᠴᠢᠩ ᠱᠦᠶ ᠾᠧ  ᠰᠢᠶᠠᠨ ᠤ ᠪᠤᠳᠠᠭᠠᠨ ᠼᠤᠤ ᠵᠢᠴᠢ ︽ᠴᠡᠯᠡᠭᠡᠷ ᠲᠠᠯ᠎ᠠ ᠶᠢᠨ ᠭᠠᠷ ᠪᠡᠯᠡᠭ︾ ᠢ ᠰᠦᠯᠵᠢᠶᠡᠨ ᠤ ᠵᠠᠭᠤᠴᠢᠯᠠᠭᠤᠷ ᠪᠠ ᠰᠦᠯᠵᠢᠶᠡᠨ ᠤ ᠴᠤᠤᠲᠠᠨ ᠤ ᠰᠢᠭᠤᠳ  ᠨᠡᠪᠲᠡᠷᠡᠭᠦᠯᠭᠡ ᠶᠢᠨ ᠬᠡᠯᠪᠡᠷᠢ ᠪᠠᠷ ᠤᠯᠠᠨ ᠲᠦᠮᠡᠨ ᠳᠤ ᠲᠠᠨᠢᠯᠴᠠᠭᠤᠯᠬᠤ ᠶᠢᠨ ᠬᠠᠮᠲᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ  ᠦᠢᠯᠡᠳᠬᠦ ᠪᠠ ᠠᠮᠳᠠᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠳᠡᠯᠭᠡᠨ ᠦᠵᠡᠭᠦᠯᠬᠦ ᠪᠠ ᠤᠯᠠᠮᠵᠢᠯᠠᠨ ᠵᠠᠯᠭᠠᠮᠵᠢᠯᠠᠬᠤ ᠵᠡᠷᠭᠡ  ᠠᠵᠢᠯᠯᠠᠭ᠎ᠠ ᠶᠠᠪᠤᠭᠳᠠᠵᠠᠢ᠃ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢᠨ ᠤᠷ᠎ᠠ ᠮᠡᠷᠭᠡᠵᠢᠯ ᠤᠨ  ᠦᠵᠡᠭᠦᠯᠦᠯᠭᠡ᠂ ᠲᠤᠰᠬᠠᠶ ᠮᠡᠷᠭᠡᠵᠢᠯᠲᠡᠨ ᠤ ᠲᠠᠶᠢᠯᠤᠮᠵᠢ᠂ ᠲᠥᠷᠥᠯ ᠲᠡᠮᠳᠡᠭᠲᠦ ᠶᠢᠨ ᠥᠯᠢᠭᠡᠷ ᠢ ᠲᠠᠨᠢᠯᠴᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ  ᠬᠤᠳᠠᠯᠳᠤᠨ ᠠᠪᠬᠤ ᠵᠡᠷᠭᠡ ᠭᠤᠭᠴᠤᠭ᠎ᠠ ᠶᠢ ᠪᠦᠲᠦᠮᠵᠢᠲᠡᠶ ᠬᠤᠯᠪᠣᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠠᠷᠠᠳ ᠣᠯᠠᠨ ᠳᠤ ᠪᠣᠳᠠᠰ ᠤᠨ  ᠪᠤᠰᠤ ᠰᠣᠶᠣᠯ ᠤᠨ ᠥᠪ ᠤᠨ ᠪᠠᠷᠠᠭ᠎ᠠ ᠬᠤᠳᠠᠯᠳᠤᠨ ᠠᠪᠬᠤ ᠶᠢ ᠣᠶᠢᠯᠠᠭᠤᠯᠬᠤ ᠶᠢᠨ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ  ᠦᠷ᠎ᠡ ᠪᠦᠲᠦᠭᠡᠯ ᠢ ᠣᠯᠠᠨ ᠳᠤ ᠡᠳ᠋ᠯᠡᠭᠦᠯᠵᠡᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号