ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ︾ ᠶᠢᠨ ᠱᠠᠩᠨᠠᠯ ᠣᠯᠭᠤᠬᠤ ᠶᠣᠰᠣᠯᠠᠯ ᠮᠠᠨ ᠤ  ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/1/18
     ︵ᠰᠤᠷᠪᠤᠯᠵᠢᠯᠠᠭᠴᠢ ᠮᠢᠶᠣᠣ ᠴᠢᠩ︶ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ︾ ᠶᠢᠨ  ᠱᠠᠩᠨᠠᠯ ᠣᠯᠭᠤᠬᠤ ᠶᠣᠰᠣᠯᠠᠯ 15 ᠤ ᠡᠳᠦᠷ ᠮᠠᠨ ᠤ ᠬᠤᠳᠠ ᠳᠤ ᠶᠠᠪᠤᠭᠳᠠᠵᠤ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠵᠡᠷᠭᠡ 18 ᠰᠣᠨᠢᠨ  ᠮᠡᠳᠡᠭᠡᠨ ᠤ ᠨᠢᠭᠡᠴᠡ ᠶᠢᠨ 71 ᠪᠦᠲᠦᠭᠡᠯ ᠱᠠᠩᠨᠠᠯ ᠬᠦᠷᠳᠡᠵᠡᠢ᠃            ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠣᠨᠢᠨ ᠮᠡᠳᠡᠭᠡᠨ ᠤ ᠮᠡᠳᠡᠭᠡᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠵᠢᠯᠲᠠᠨ ᠤ ᠨᠡᠶᠢᠭᠡᠮᠯᠢᠭ ᠬᠠᠮᠲᠤᠷᠠᠨ  ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠮᠡᠳᠡᠭᠡ︾ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠪᠡ᠃ ᠱᠠᠩᠨᠠᠯ  ᠣᠯᠤᠭᠰᠠᠨ 71 ᠪᠦᠲᠦᠭᠡᠯ ᠳᠤ ᠥᠨᠳᠥᠷ ᠲᠤ ᠵᠣᠭᠰᠣᠨ ᠠᠯᠤᠰ ᠢ ᠪᠠᠷᠠᠯᠠᠬᠰᠠᠨ ᠠᠤᠭ᠎ᠠ ᠶᠡᠭᠡ ᠬᠦᠦᠷᠨᠢᠯ ᠪᠠᠶᠢᠬᠤ ᠪᠥᠭᠡᠳ ᠦᠨᠡᠨ ᠪᠣᠳᠠᠲᠠᠢ ᠦᠯᠢᠭᠡᠷ ᠤᠨ ᠨᠠᠷᠢᠨ ᠵᠦᠢᠯᠡᠰ ᠴᠦ  ᠪᠠᠶᠢᠨ᠎ᠠ᠂ ᠨᠠᠷᠢᠨ ᠬᠢᠨᠠᠮᠠᠭᠠᠢ ᠭᠦᠨ ᠭᠦᠨᠵᠡᠭᠡᠢ ᠣᠶᠤᠨᠴᠢ ᠪᠣᠳᠣᠯᠬᠢᠯᠠᠯ ᠪᠠᠶᠢᠬᠤ ᠮᠥᠷᠲᠡᠭᠡᠨ ᠪᠠᠰᠠ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠨᠠᠷᠢᠯᠢᠭ ᠢᠯᠡᠳᠬᠡᠯᠲᠡ ᠴᠤ  ᠪᠠᠶᠢᠵᠤ᠂ ᠢᠲᠡᠭᠡᠯ ᠵᠣᠷᠢᠭ ᠢ ᠪᠠᠲᠤᠳᠬᠠᠬᠤ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠦᠢᠯᠡᠳᠦᠯ ᠢ ᠬᠦᠴᠦᠲᠡᠢ ᠪᠦᠲᠦᠮᠵᠢᠲᠡᠢ  ᠪᠠᠳᠠᠷᠠᠭᠤᠯᠤᠭᠰᠠᠨ ᠪᠠᠶᠢᠨ᠎ᠠ᠃            ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠤᠰ ᠤᠳᠠᠭᠠᠨ ᠤ ᠰᠢᠯᠭᠠᠷᠠᠭᠤᠯᠬᠤ ᠠᠵᠢᠯᠯᠠᠭ᠎ᠠ ᠪᠠᠷ ᠳᠠᠮᠵᠢᠭᠤᠯᠤᠨ  ᠂ ᠰᠤᠷᠪᠤᠯᠵᠢᠯᠠᠭᠴᠢ ᠶᠢᠨ ᠲᠠᠰᠤᠷᠠᠯᠲᠠ ᠦᠭᠡᠶ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠮᠢᠳᠤᠷᠠᠯ ᠢ ᠨᠡᠪᠲᠡ ᠠᠵᠢᠭᠯᠠᠬᠤ ᠳᠤᠮᠳᠠ ᠭᠢᠷᠠᠬᠠᠢ ᠬᠠᠷᠠᠴᠠ ᠪᠠᠨ ᠪᠣᠯᠪᠠᠰᠤᠷᠠᠭᠤᠯᠵᠤ᠂  ᠰᠢᠷᠭᠠᠭᠤ ᠰᠤᠷᠤᠯᠴᠠᠵᠤ ᠭᠦᠨᠵᠡᠭᠡᠢ ᠰᠡᠳᠬᠢᠬᠦ ᠳᠤᠮᠳᠠ ᠬᠤᠷᠴᠠ ᠤᠶᠤᠨ ᠲᠠᠷᠢᠬᠢ ᠪᠠᠨ ᠪᠣᠯᠪᠠᠰᠤᠷᠠᠭᠤᠯᠵᠤ᠂ ᠴᠠᠭ ᠦᠶ᠎ᠡ ᠶᠢ ᠪᠢᠴᠢᠭᠯᠡᠬᠦ ᠳᠤᠮᠳᠠ ᠶᠡᠷᠦ ᠪᠤᠰᠤ ᠶᠢᠨ ᠪᠢᠷ ᠤᠨ   ᠡᠷᠳᠡᠮ ᠢᠶᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠴᠠᠭ ᠦᠶ᠎ᠡ ᠶᠢ ᠬᠦᠳᠦᠯᠦᠨ ᠳᠠᠭᠠᠭᠤᠯᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂  ᠣᠪᠣᠷ ᠰᠤᠷᠲᠠᠯ ᠰᠢᠯᠢᠳᠡᠭ ᠰᠠᠶᠢᠨ ᠰᠣᠨᠢᠨ ᠮᠡᠳᠡᠭᠡᠨ ᠤ ᠠᠵᠢᠯᠳᠠᠨ ᠪᠣᠯᠬᠤ ᠪᠠᠷ ᠴᠢᠷᠮᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠤ ᠰᠢᠯᠢᠳᠡᠭ ᠪᠦᠲᠦᠭᠡᠯ᠂ ᠬᠦᠴᠦᠲᠡᠢ  ᠪᠦᠲᠦᠭᠡᠯ ᠢᠯᠡᠭᠦᠬᠡᠨ ᠭᠠᠷᠭᠠᠵᠤ᠂ ᠰᠢᠨ᠎ᠡ ᠴᠠᠭ ᠦᠶ᠎ᠡ ᠶᠢᠨ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠤᠬᠠᠭᠤᠯᠭ᠎ᠠ ᠶᠢᠨ  ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠨᠠᠭᠰᠢᠳᠠ ᠠᠬᠢᠭᠤᠯᠬᠤ ᠶᠢ   ᠨᠢ ᠵᠣᠷᠢᠭᠵᠢᠭᠤᠯᠪᠠ᠃  
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号