ᠡᠷᠪᠡᠬᠡᠢ ᠶᠢᠨ ᠴᠠᠬᠢᠷᠮ᠎ᠠ ᠪᠠᠳᠠᠷᠠᠨ ᠳᠡᠯᠭᠡᠷᠡᠵᠦ ᠴᠠᠭᠠᠨ ᠰᠠᠷ᠎ᠠ ᠶᠢ ᠤᠭᠲᠤᠨ᠎ᠠ
ᠨᠡᠶᠢᠲᠡᠯᠡᠭᠰᠡᠨ ᠴᠠᠭ᠄
2022/1/21
     ᠴᠠᠭᠠᠨ ᠰᠠᠷ᠎ᠠ ᠣᠶᠢᠷᠠᠳᠬᠤ ᠳᠤ᠂ ᠬᠤᠲᠠ ᠶᠢᠨ ᠠᠷᠠᠳ ᠰᠣᠷᠭᠤᠭ ᠴᠡᠴᠡᠭ ᠬᠤᠳᠠᠯᠳᠤᠨ ᠠᠪᠴᠤ᠂ ᠭᠡᠷ ᠲᠡᠭᠡᠨ  ᠬᠠᠪᠤᠷ ᠤᠨ ᠥᠩᠭᠡ ᠨᠡᠮᠡᠵᠦ ᠪᠠᠶᠢᠨ᠎ᠠ᠃ 1 ᠳ᠋ᠦ᠋ᠭᠡᠷ ᠰᠠᠷ᠎ᠠ ᠶᠢᠨ 20  ᠤ ᠡᠳᠦᠷ᠂ ᠰᠢᠨ᠎ᠡ ᠬᠤᠳᠠ ᠲᠣᠭᠤᠷᠢᠭ ᠤᠨ ᠲᠠᠯ᠎ᠠ  ᠬᠦᠷᠢᠶᠡᠯᠡᠩ ᠲᠣᠭᠤᠷᠢᠭ ᠤᠨ ᠬᠤᠸᠠᠷ ᠴᠡᠴᠡᠭ ᠲᠠᠷᠢᠬᠤ ᠰᠠᠭᠤᠷᠢᠨ ᠤ ᠬᠤᠸᠠᠷ ᠴᠡᠴᠡᠭ ᠤᠨ ᠬᠦᠯᠡᠮᠵᠢ ᠳᠤ᠂ ᠠᠵᠢᠯᠴᠢᠳ  ᠡᠷᠪᠡᠬᠡᠢ ᠶᠢᠨ ᠴᠠᠬᠢᠷᠮ᠎ᠠ ᠪᠠᠨ ᠲᠡᠭᠰᠢᠯᠡᠨ ᠫᠧᠩᠰᠡᠨ ᠳᠤ ᠬᠠᠳᠬᠤᠵᠤ᠂ ᠭᠠᠳᠠᠭᠰᠢ  ᠵᠦᠭᠡᠭᠡᠪᠦᠷᠢᠯᠡᠨ᠂ ᠪᠠᠶᠠᠷ ᠤᠨ  ᠡᠳᠦᠷ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠬᠤ ᠪᠠᠷ ᠶᠠᠭᠠᠷᠠᠯᠳᠤᠵᠤ  ᠪᠠᠶᠢᠯ᠎ᠠ᠃ ᠣᠶᠢᠯᠠᠭᠠᠭᠰᠠᠨ ᠢᠶᠠᠷ᠂ ᠠᠳᠡᠬᠢ  ᠰᠣᠷᠭᠤᠭ ᠴᠡᠴᠡᠭ ᠨᠢ ᠣᠷᠣᠨ ᠤ ᠲᠥᠪ ᠬᠤᠲᠠ ᠶᠢᠨ ᠵᠠᠬ᠎ᠠ ᠳᠡᠯᠭᠡᠭᠦᠷ ᠢ ᠬᠠᠩᠭᠠᠬᠤ ᠠᠴᠠ ᠭᠠᠳᠠᠨ᠎ᠠ ᠪᠠᠰᠠ ᠪᠡᠭᠡᠵᠢᠩ᠂  ᠲᠢᠶᠠᠨᠵᠢᠨ᠂ ᠱᠠᠩᠬᠠᠢ᠂ ᠭᠤᠸᠠᠩᠵᠧᠦ᠂ ᠵᠢᠶᠠᠩᠰᠤ ᠵᠧᠵᠢᠶᠠᠩ ᠵᠡᠷᠭᠡ ᠭᠠᠵᠠᠷ ᠲᠤ ᠪᠣᠷᠣᠯᠠᠭᠤᠯᠵᠤ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号