ᠮᠠᠨ ᠤ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ᠥᠪᠡᠷᠲᠡᠭᠡᠨ ᠵᠠᠰᠠᠬᠤ ᠣᠷᠣᠨ ᠤ ᠬᠢᠨᠠᠨ  ᠪᠠᠶᠢᠴᠠᠭᠠᠯᠲᠠ ᠶᠢ ᠥᠩᠭᠡᠷᠡᠭᠦᠯᠪᠡ
ᠨᠡᠶᠢᠲᠡᠯᠡᠭᠰᠡᠨ ᠴᠠᠭ᠄
2022/1/21
      ︵ᠰᠤᠷᠪᠤᠯᠵᠢᠯᠠᠭᠴᠢ ᠰᠦᠩ ᠰᠢᠶᠠᠩ ᠬᠤᠸᠠ︶ 1 ᠳ᠋ᠦ᠋ᠭᠡᠷ ᠰᠠᠷ᠎ᠠ ᠶᠢᠨ 19  ᠤ ᠡᠳᠦᠷ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ  ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021  ︱ 2025 ᠣᠨ︶︾ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠮᠠᠨ ᠤ ᠣᠷᠣᠨ ᠤ ᠠᠩᠬᠠᠳᠠᠭᠴᠢ ᠬᠢᠨᠠᠨ  ᠪᠠᠶᠢᠴᠠᠭᠠᠯᠲᠠ ᠶᠢ ᠥᠩᠭᠡᠷᠡᠭᠡᠭᠰᠡᠨ ᠠᠶᠢᠮᠠᠭ ᠬᠤᠳᠠ ᠶᠢᠨ ᠲᠡᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ  ᠪᠣᠯᠤᠭᠰᠠᠨ ᠪᠠᠶᠢᠨ᠎ᠠ᠃            ᠡᠨᠡ ᠤᠳᠠᠭᠠᠨ ᠤ ᠬᠢᠨᠠᠨ ᠪᠠᠶᠢᠴᠠᠭᠠᠯᠲᠠ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠡᠷᠲᠡᠭᠡᠨ ᠵᠠᠰᠠᠬᠤ  ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ  ᠲᠣᠭᠤᠷᠢᠨ ᠤ ᠲᠢᠩᠬᠢᠮ ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ᠂ ᠲᠢᠩᠬᠢᠮ ᠤᠨ ᠬᠠᠮᠢᠶ᠎ᠠ ᠪᠦᠬᠦᠢ ᠰᠠᠯᠠᠭ᠎ᠠ ᠪᠠ  ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠨ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ ᠬᠤᠷᠠᠯ ᠬᠤᠷᠠᠯᠳᠤᠭᠤᠯᠵᠤ᠂ ︽ᠬᠥᠬᠡᠬᠤᠲᠠ ᠶᠢᠨ  ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 ︱ 2025 ᠣᠨ︶︾ ᠶᠢᠨ ᠪᠢᠴᠢᠭ᠂ ᠳᠠᠭᠠᠯᠳᠤᠭᠤᠯᠤᠯ  ᠵᠢᠷᠤᠭ᠂ ᠳᠠᠭᠠᠯᠳᠤᠭᠤᠯᠤᠯ ᠬᠦᠰᠦᠨᠦᠭᠲᠦ᠂ ᠲᠤᠭ᠎ᠠ ᠪᠠᠷᠢᠮᠲᠠ ᠶᠢᠨ ᠬᠥᠮᠥᠷᠭᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂  ᠶᠠᠷᠢᠯᠴᠠᠨ ᠰᠤᠳᠤᠯᠬᠤ ᠪᠠᠷ ᠳᠡᠮᠵᠢᠨ᠄ ︽ᠲᠥᠯᠦᠪᠵᠢᠭᠦᠯᠭᠡ︾ ᠶᠢᠨ ᠬᠠᠷᠠᠯᠲᠠ ᠲᠣᠳᠣᠷᠬᠠᠢ᠂ ᠪᠠᠷᠠᠯᠠᠯᠲᠤ ᠴᠢᠨᠠᠷ ᠲᠠᠢ᠂ ᠰᠢᠨᠵᠢᠯᠡᠬᠦ ᠤᠬᠠᠭᠠᠨᠴᠢ ᠴᠢᠨᠠᠷ ᠲᠠᠢ  ᠪᠠᠶᠢᠵᠤ᠂ ᠬᠥᠬᠡᠬᠤᠲᠠ ᠶᠢᠨ ᠪᠣᠳᠠᠲᠤ ᠪᠠᠶᠢᠳᠠᠯ ᠲᠠᠢ ᠨᠡᠶᠢᠴᠡᠨ᠎ᠡ︔ ︽ᠲᠥᠯᠦᠪᠵᠢᠭᠦᠯᠭᠡ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠠᠵᠢᠯ ᠳᠤ  ᠲᠤᠯᠭᠠᠷᠠᠵᠤ ᠪᠠᠶᠢᠭ᠎ᠠ ᠪᠠᠶᠢᠳᠠᠯ ᠢ ᠪᠤᠰᠤᠳᠴᠢ ᠪᠠᠷ ᠵᠠᠳᠠᠯᠵᠤ᠂ ᠮᠠᠲ᠋ᠧᠷᠢᠶᠠᠯ ᠨᠢ ᠨᠠᠷᠢᠨ ᠪᠣᠳᠠᠲᠠᠢ᠂ ᠲᠤᠭ᠎ᠠ ᠪᠠᠷᠢᠮᠲᠠ ᠨᠢ ᠨᠠᠶᠢᠳᠠᠪᠤᠷᠢᠲᠠᠢ︔ ︽ ᠲᠥᠯᠦᠪᠵᠢᠭᠦᠯᠭᠡ︾ ᠳᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠶᠡᠷᠦᠩᠬᠡᠢ  ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠱᠠᠭᠠᠷᠳᠠᠯᠭ᠎ᠠ ᠳᠤ ᠨᠡᠶᠢᠴᠡᠪᠡ︔ ︽ᠲᠥᠯᠦᠪᠵᠢᠭᠦᠯᠭᠡ︾ ᠳᠤ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ   ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠡᠭᠦᠷᠭᠡ ᠪᠠᠨ ᠵᠣᠬᠢᠰᠲᠠᠢ ᠪᠠᠶᠢᠷᠢᠯᠠᠭᠤᠯᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠪᠠ︔  ︽ᠲᠥᠯᠦᠪᠵᠢᠭᠦᠯᠭᠡ︾ ᠳᠤ ᠪᠥᠬᠦ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠣᠷᠣᠨ ᠤ ᠣᠷᠴᠢᠨ  ᠲᠣᠭᠤᠷᠢᠨ ᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠡᠭᠦᠷᠭᠡ ᠶᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ  ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠱᠠᠭᠠᠷᠳᠠᠯᠭ᠎ᠠ ᠳᠤ ᠨᠡᠶᠢᠴᠡᠪᠡ︔ ︽ᠲᠥᠯᠦᠪᠵᠢᠭᠦᠯᠭᠡ︾ ᠶᠢᠨ ᠲᠤᠭ᠎ᠠ  ᠪᠠᠷᠢᠮᠲᠠ ᠶᠢᠨ ᠬᠥᠮᠥᠷᠭᠡ ᠶᠢᠨ ᠠᠭᠤᠯᠭ᠎ᠠ ᠨᠢ ᠪᠦᠷᠢᠨ ᠪᠦᠲᠦᠨ᠂ ᠪᠦᠲᠦᠴᠡ ᠨᠢ ᠵᠥᠪ ᠣᠨᠣᠪᠴᠢᠲᠠᠶ ᠪᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ  ᠪᠠᠶᠠᠯᠢᠭ ᠤᠨ ᠲᠥᠯᠦᠪᠵᠢᠭᠦᠯᠭᠡ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠵᠦ ᠭᠡᠵᠦ ᠦᠵᠡᠨ᠂ ︽ ᠲᠥᠯᠦᠪᠵᠢᠭᠦᠯᠭᠡ︾ ᠶᠢᠨ ᠬᠢᠨᠠᠨ ᠪᠠᠶᠢᠴᠠᠭᠠᠯᠲᠠ ᠶᠢ ᠪᠠᠲᠤᠯᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃            ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢ ᠮᠡᠳᠡᠭᠦᠯᠦᠨ  ᠵᠥᠪᠰᠢᠶᠡᠷᠡᠭᠦᠯᠬᠦ ᠲᠠᠰ ᠳᠠᠷᠠᠭᠠᠯᠠᠯ ᠤᠨ ᠶᠣᠰᠣᠭᠠᠷ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠰᠠᠨᠠᠯ ᠶᠣᠰᠣᠭᠠᠷ ᠨᠠᠷᠢᠨ ᠬᠢᠨᠠᠮᠠᠭᠠᠢ  ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠲᠥᠯᠦᠪᠵᠢᠭᠦᠯᠭᠡ︾ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠪᠣᠯᠣᠨ᠎ᠠ  ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号