ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 21 ᠳ᠋ᠦ᠋ᠭᠡᠷ ᠲᠣᠭᠠᠲᠤ | | 2021 ᠣᠨ ᠤ 11ᠳ᠋ᠤᠭᠠᠷ ᠰᠠᠷ᠎ᠠ ᠶᠢᠨ 23 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠬᠤᠲᠠ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠨᠠᠭᠠᠨ ᠳᠤ ᠥᠬᠡᠶ ᠭᠡᠮᠲᠦᠯ ᠢ ᠪᠠᠲᠤᠯᠠᠬᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄ | ᠨᠢᠭᠡ᠂ ᠰᠠᠨᠠᠭᠠᠨ ᠳᠤ ᠥᠬᠡᠶ ᠭᠡᠮᠲᠦᠯ ᠤᠨ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ | ᠪᠦᠷᠢ ᠵᠢᠯ ᠳᠤ 35 ᠲᠥᠭᠦᠷᠢᠭ ᠪᠠᠶᠢᠭᠰᠠᠨ ᠢ ᠬᠥᠮᠦᠨ ᠪᠦᠷᠢ ᠵᠢᠯ ᠳᠤ 45 ᠲᠥᠭᠦᠷᠢᠭ ᠪᠣᠯᠭᠠᠨ ᠳᠣᠭᠢᠷᠠᠭᠤᠯᠵᠤ᠂ | ᠬᠡᠷᠡᠭᠰᠡᠬᠦ ᠪᠠᠯᠠ ᠮᠥᠩᠭᠦ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠠᠴᠠ ᠰᠢᠭᠤᠳ ᠬᠤᠪᠢᠶᠠᠷᠢᠯᠠᠨ ᠰᠠᠯᠭᠠᠵᠤ᠂ ᠰᠠᠭᠤᠭᠠᠯᠢ ᠠᠷᠠᠳ ᠬᠤᠪᠢ ᠬᠥᠮᠦᠨ | ᠳᠠᠭᠢᠵᠤ ᠠᠰ ᠲᠤᠨᠢ ᠰᠦᠢᠳᠬᠡᠯ ᠲᠤᠰᠢᠶᠠᠬᠤ ᠥᠬᠡᠶ᠃ 2022 ᠣᠨ ᠠᠴᠠ ᠡᠬᠢᠯᠡᠨ᠂ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢ ᠦᠨᠳᠦᠰᠦᠯᠡᠨ ᠪᠠᠯᠠ | ᠴᠤᠭᠯᠠᠭᠤᠯᠬᠤ ᠪᠠᠷᠢᠮᠵᠢᠶ᠎ᠠ ᠳᠤ ᠴᠠᠭ ᠲᠤᠨᠢ ᠲᠣᠬᠢᠷᠠᠭᠤᠯᠤᠯᠲᠠ ᠬᠢᠵᠦ ᠪᠣᠯᠤᠨ᠎ᠠ᠃ | ᠬᠤᠶᠠᠷ᠂ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠰᠠᠨᠠᠭᠠᠨ ᠳᠤ ᠥᠬᠡᠶ ᠭᠡᠮᠲᠦᠯ ᠤᠨ | ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢ ᠡᠵᠡᠮᠳᠡᠬᠦ ᠵᠢᠴᠢ ᠠᠰᠢᠭ ᠲᠤᠰᠠ ᠶᠢ ᠳᠣᠭᠢᠷᠠᠭᠤᠯᠬᠤ | ᠲᠣᠭᠲᠠᠴᠠ ᠶᠢ ᠪᠠᠶᠢᠭᠤᠯᠤᠨ᠎ᠠ᠃ ᠰᠠᠨᠠᠭᠠᠨ ᠳᠤ ᠦᠭᠡᠶ ᠭᠡᠮᠲᠦᠯ ᠤᠨ ᠪᠠᠲᠤᠯᠠᠭ᠎ᠠ ᠶᠢᠨ ᠡᠮ ᠡᠮᠨᠡᠯᠭᠡ ᠶᠢᠨ ᠵᠠᠷᠤᠳᠠᠯ ᠢ | ᠳᠥᠯᠥᠬᠦ ᠲᠤᠬᠠᠶᠢᠯᠠᠭᠰᠠᠨ ᠠᠵᠢᠯ ᠢ ᠵᠠᠰᠠᠭ ᠤᠨ ᠣᠷᠳᠣᠨ ᠠᠴᠠ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ | ᠳᠠᠭᠠᠭᠠᠴᠢᠯᠠᠯᠲᠠ ᠣᠯᠤᠭᠰᠠᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠲᠣᠭᠲᠠᠴᠠ ᠪᠠᠷ ᠯᠠᠪᠯᠠᠯᠲᠠ ᠪᠣᠯᠭᠠᠵᠤ᠂ | ᠳᠠᠭᠠᠭᠠᠨ ᠭᠦᠢᠴᠡᠳᠬᠡᠬᠦ ᠳᠠᠭᠠᠳᠬᠠᠯ ᠤᠨ ᠺᠣᠮᠫᠠᠨᠢ ᠯᠤᠭ᠎ᠠ ᠲᠦᠭᠰᠢᠭᠦᠷᠢ ᠶᠢ ᠡᠵᠡᠮᠳᠡᠬᠦ ᠪᠠ ᠠᠰᠢᠭ ᠲᠤᠰᠠ ᠶᠢ | ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠳᠠᠭᠠᠭᠠᠨ ᠭᠦᠢᠴᠡᠳᠬᠡᠬᠦ ᠳᠠᠭᠠᠳᠬᠠᠯ ᠤᠨ ᠺᠣᠮᠫᠠᠨᠢ ᠶᠢᠨ ᠣᠨ ᠤ | ᠬᠠᠷᠠᠯᠲᠠᠲᠤ ᠠᠰᠢᠭ ᠬᠤᠨᠵᠢᠪᠣᠷᠢ ᠶᠢᠨ ᠨᠣᠷᠮ᠎ᠠ ᠶᠢ ᠣᠨ ᠤ ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢᠨ | 5% ᠶᠢᠨ ᠳᠣᠲᠣᠷ᠎ᠠ ᠬᠢᠵᠠᠭᠠᠷᠯᠠᠵᠤ᠂ ᠳᠠᠭᠠᠭᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠥᠪᠡᠷ ᠤᠨ | ᠥᠷᠲᠡᠭ ᠤᠨ ᠵᠠᠷᠤᠯᠭ᠎ᠠ ᠳᠤ ᠬᠡᠷᠡᠭᠯᠡᠨ᠎ᠡ᠃ ᠬᠡᠲᠦ ᠵᠠᠷᠤᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ | ᠲᠥᠰᠦᠯ ᠢ ᠲᠣᠳᠣᠷᠬᠠᠶ ᠲᠣᠭᠲᠠᠭᠠᠨ᠎ᠠ᠃ | ᠭᠤᠷᠪᠠ᠂ ᠲᠤᠰ ᠮᠡᠳᠡᠭᠳᠡᠯ ᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |