10 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ ᠮᠧᠲᠷᠤ᠋ ᠶᠢᠨ 1᠂2 ᠳ᠋ᠤᠭᠠᠷ ᠱᠤᠭᠤᠮ ᠭᠠᠯᠲᠤ ᠲᠡᠷᠭᠡᠨ ᠤ ᠠᠵᠢᠯᠯᠠᠭᠠᠨ ᠤ ᠴᠠᠭ ᠲᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2022/10/4
      ᠰᠤᠷᠪᠤᠯᠵᠢᠯᠠᠭᠴᠢ ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠠᠵᠢᠯ ᠤᠨ ᠲᠣᠬᠢᠷᠠᠭᠤᠯᠤᠯᠲᠠ ᠶᠢ  ᠦᠨᠳᠦᠰᠦᠯᠡᠨ᠂ 10 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠬᠥᠬᠡᠬᠤᠲᠠ ᠶᠢᠨ ᠮᠧᠲᠷᠤ᠋ ᠶᠢᠨ 1᠂ 2 ᠳ᠋ᠤᠭᠠᠷ ᠱᠤᠭᠤᠮ ᠤᠨ ᠠᠵᠢᠯᠯᠠᠬᠤ ᠴᠠᠭ ᠢ 6᠄ 00 ︱ 22᠄ 00 ᠪᠣᠯᠭᠠᠨ ᠲᠣᠬᠢᠷᠠᠭᠤᠯᠪᠠ᠂  ᠡᠭᠡᠯᠵᠢ ᠪᠦᠷᠢ ᠶᠢᠨ ᠠᠯᠤᠰᠯᠠᠬᠤ ᠴᠠᠭ ᠢ 30 ᠮᠢᠨᠦ᠋ᠲ ᠪᠣᠯᠭᠠᠨ ᠲᠣᠬᠢᠷᠠᠭᠤᠯᠵᠤ᠂ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃      ᠡᠭᠦᠨ ᠠᠴᠠ ᠭᠠᠳᠠᠨ᠎ᠠ᠂ ᠥᠷᠭᠡᠨ ᠣᠯᠠᠨ ᠬᠤᠲᠠ ᠶᠢᠨ ᠠᠷᠠᠳ ᠮᠧᠲᠷᠤ᠋ ᠳᠤ ᠰᠠᠭᠤᠬᠤ ᠬᠤᠭᠤᠴᠠᠭᠠᠨ ᠳᠤ ᠬᠤᠪᠢ ᠬᠥᠮᠥᠨ ᠤ ᠬᠠᠮᠠᠭᠠᠯᠠᠯᠲᠠ ᠪᠠᠨ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠬᠦ ᠶᠠᠪᠤᠴᠠ ᠳᠤ ᠠᠮᠠᠪᠴᠢ ᠪᠠᠨ ᠵᠢᠷᠤᠮᠵᠢᠭᠤᠨ ᠵᠡᠭᠦᠬᠦ ᠶᠢᠨ ᠬᠠᠮᠲᠤ ᠲᠡᠷᠭᠡᠨ ᠥᠷᠲᠡᠭᠡᠨ ᠤ ᠠᠵᠢᠯᠲᠠᠳ ᠤᠨ ᠪᠡᠶ᠎ᠡ ᠶᠢᠨ ᠳᠤᠯᠠᠭᠠᠨ ᠢ ᠬᠡᠮᠵᠢᠬᠦ᠂ ︽ᠬᠦᠬᠡᠬᠤᠲᠠ ᠶᠢᠨ ᠺᠤᠳ᠋︾ ᠢ ᠰᠢᠷᠪᠢᠬᠦ ᠠᠵᠢᠯ ᠳᠤ ᠬᠠᠮᠵᠢᠯᠴᠠᠨ᠂ ᠤᠬᠠᠮᠰᠠᠷ ᠠᠴᠠ ᠪᠠᠨ ᠮᠥᠷᠯᠡᠬᠦ ᠶᠢᠨ ᠬᠠᠮᠲᠤ ᠪᠤᠰᠤᠳ ᠬᠥᠮᠥᠨ ᠯᠦᠭᠡ ᠶᠢᠨ ᠬᠤᠭᠤᠷᠣᠨᠳᠣᠬᠢ ᠵᠠᠢ ᠶᠢ ᠪᠠᠲᠤᠯᠠᠵᠤ᠂ ᠠᠯᠢ ᠴᠢᠳᠠᠬᠤ ᠪᠠᠷ ᠣᠷᠭᠢᠯ ᠵᠦᠷᠢᠭᠦᠯᠵᠦ ᠭᠠᠳᠠᠭᠰᠢ ᠭᠠᠷᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号