ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/10
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠮᠬᠢ ᠵᠢᠷᠤᠮ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠮᠬᠢ ᠵᠢᠷᠤᠮ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ︾ ᠶᠢ ᠲᠣᠭᠲᠠᠭᠠᠭᠰᠠᠨ ᠨᠢ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠡᠶᠢᠲᠡᠯᠡᠨ᠂ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠲᠣᠬᠢᠲᠠᠢ ᠪᠠᠲᠤᠯᠠᠬᠤ ᠬᠡᠷᠡᠭᠲᠡᠢ︔ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠪᠠᠨ ᠲᠦᠷᠭᠡᠬᠡᠨ ᠰᠡᠷᠭᠦᠭᠡᠬᠦ ᠶᠢ ᠳᠡᠮᠵᠢᠬᠦ ᠬᠡᠷᠡᠭᠲᠡᠢ︔ ᠨᠠᠷᠢᠯᠢᠭ ᠣᠨᠣᠪᠴᠢᠲᠠᠢ ᠦᠢᠯᠡᠴᠢᠯᠡᠭᠡ᠂ ᠬᠠᠯᠠᠮᠵᠢᠯᠠᠭ᠎ᠠ ᠪᠠᠲᠤᠯᠠᠭ᠎ᠠ ᠪᠠᠷ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠭᠦᠯᠬᠦ ᠳᠤ ᠲᠤᠰᠠᠯᠠᠬᠤ ᠬᠡᠷᠡᠭᠲᠡᠢ︔ ᠡᠭᠦᠨ ᠤ ᠬᠠᠮᠲᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠬᠠᠪᠰᠤᠷᠤᠨ ᠲᠡᠳᠬᠦᠬᠦ ᠪᠠᠲᠤᠯᠠᠭ᠎ᠠ ᠶᠢ ᠴᠢᠩᠭᠠᠳᠬᠠᠬᠤ ᠪᠠ ᠬᠡᠷᠡᠭᠯᠡᠭᠡ ᠶᠢ ᠬᠠᠪᠰᠤᠷᠤᠨ ᠲᠡᠳᠬᠦᠵᠦ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号