︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠾᠧ ᠯᠦ︶ ᠣᠶᠢᠷ᠎ᠠ ᠳᠤ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ 2022 ᠣᠨ ᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶᠠᠨ ᠤ | ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ 776.58 ᠲᠦᠮᠡᠨ ᠲᠥᠭᠦᠷᠢᠭ ᠤᠨ ᠲᠤᠰᠬᠠᠢ | ᠪᠡᠯᠡ ᠮᠥᠩᠭᠦ ᠶᠢ ᠪᠠᠴᠢᠮ ᠪᠠᠭᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠰᠬᠠᠢ | ᠬᠡᠷᠡᠭᠯᠡᠭᠦᠯᠵᠦ᠂ ᠮᠠᠨ ᠤ ᠬᠤᠲᠠ ᠶᠢᠨ ᠴᠢᠬᠤᠯᠠ ᠬᠡᠷᠡᠭᠴᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠬᠤ | ᠬᠠᠩᠭᠠᠯᠭ᠎ᠠ ᠶᠢ ᠪᠠᠲᠤᠯᠠᠬᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ | ᠰᠢᠯᠵᠢᠭᠦᠯᠦᠨ ᠲᠡᠭᠡᠭᠡᠪᠦᠷᠢᠯᠡᠬᠦ᠂ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ᠂ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠵᠡᠷᠭᠡ ᠲᠠᠯ᠎ᠠ ᠶᠢᠨ ᠬᠠᠩᠭᠠᠯᠭ᠎ᠠ ᠶᠢ | ᠪᠠᠲᠤᠯᠠᠬᠤ ᠠᠵᠢᠯ ᠢ ᠳᠡᠮᠵᠢᠪᠡ᠃ | ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠲᠦᠷᠭᠡᠨ ᠪᠠᠳᠠᠷᠠᠭᠤᠯᠬᠤ ᠶᠢᠨ ᠲᠥᠯᠥᠭᠡ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠲᠠᠰᠤᠭ ᠨᠢᠭᠡᠳᠦᠨ ᠬᠠᠮᠵᠢᠯᠴᠠᠵᠤ | ᠂ ᠠᠵᠢᠯ ᠤᠨ ᠶᠠᠪᠤᠴᠠ ᠶᠢ ᠳᠥᠭᠦᠮᠴᠢᠯᠡᠵᠦ᠂ ᠠᠵᠢᠯ ᠤᠨ ᠬᠦᠴᠢᠷᠳᠡᠯ ᠢ ᠢᠯᠠᠨ ᠳᠠᠪᠠᠵᠤ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠨᠢᠭᠡᠳᠦᠭᠡᠷ ᠪᠦᠯᠦᠭ ᠤᠨ 342 ᠲᠦᠮᠡᠨ | ᠲᠥᠭᠦᠷᠢᠭ ᠤᠨ ᠪᠡᠯᠡ ᠮᠥᠩᠭᠦ ᠶᠢ ᠮᠠᠨ ᠤ ᠬᠤᠲᠠ ᠶᠢᠨ ᠲᠣᠮᠣ ᠬᠡᠯᠪᠡᠷᠢ ᠶᠢᠨ ᠲᠠᠷᠢᠶᠠᠯᠠᠩ ᠤᠨ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶ᠎ᠡ ᠬᠡᠲᠦ ᠳᠡᠯᠭᠡᠭᠦᠷ ︵ᠲᠦᠭᠦᠬᠡᠢ ᠡᠳ᠋ ᠤᠨ ᠵᠠᠬ᠎ᠠ ᠳᠡᠯᠭᠡᠭᠦᠷ︶᠂ | ᠡᠯᠧᠺᠲᠷᠣᠨ ᠬᠤᠳᠠᠯᠳᠤᠭᠠᠨ ᠤ ᠲᠠᠪᠴᠠᠩ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ | ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠳᠤ ᠴᠠᠭ ᠲᠤᠬᠠᠢ ᠳᠤᠨᠢ ᠰᠢᠯᠵᠢᠭᠦᠯᠦᠨ ᠥᠭᠴᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠪᠥᠬᠦ ᠬᠤᠲᠠ ᠶᠢᠨ ᠠᠮᠢᠳᠤᠷᠠᠯ ᠤᠨ ᠴᠢᠬᠤᠯᠠ ᠬᠡᠷᠡᠭᠯᠡᠭᠡᠨ ᠤ | ᠵᠦᠢᠯ ᠤᠨ ᠬᠠᠩᠭᠠᠯᠭ᠎ᠠ ᠶᠢ ᠦᠨᠡᠨ ᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠴᠢᠳᠠᠪᠤᠷᠢ ᠶᠢᠨ | ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ | ᠨᠢᠭᠡᠳᠦᠨ ᠬᠠᠮᠵᠢᠯᠴᠠᠵᠤ᠂ ᠪᠡᠯᠡ ᠮᠥᠩᠭᠦ ᠰᠢᠯᠵᠢᠭᠦᠯᠦᠨ ᠥᠭᠬᠦ ᠶᠢ ᠤᠯᠠᠮ ᠨᠢᠭᠡ ᠠᠯᠬᠤᠮ ᠲᠦᠷᠭᠡᠳᠬᠡᠵᠦ᠂ | ᠰᠢᠯᠵᠢᠭᠦᠯᠦᠨ ᠥᠭᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠦ ᠶᠢ ᠦᠨᠡᠨᠬᠦ ᠴᠠᠭ ᠲᠤᠬᠠᠢ | ᠳᠤᠨᠢ ᠪᠣᠳᠠᠲᠠᠶᠢᠵᠢᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠠᠬᠢ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠰᠠᠶᠢᠲᠤᠷ ᠬᠢᠬᠦ ᠶᠢ ᠬᠦᠴᠦᠲᠡᠢ ᠳᠡᠮᠵᠢᠵᠦ᠂ ᠠᠷᠠᠳ ᠣᠯᠠᠨ ᠤ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ | ᠬᠠᠩᠭᠠᠨ᠎ᠠ᠃ |