ᠪᠣᠣ ᠭᠠᠩ ᠰᠠᠶᠢᠬᠠᠨ ᠲᠣᠭᠤᠷᠢᠭ᠂ ᠰᠢᠨ᠎ᠡ ᠬᠤᠳᠠ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/14
     ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠰᠠᠶᠢᠬᠠᠨ ᠲᠣᠭᠤᠷᠢᠭ᠂ ᠰᠢᠨ᠎ᠡ ᠬᠤᠳᠠ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      ᠪᠣᠣ ᠭᠠᠩ ᠬᠡᠯᠡᠬᠦ ᠳᠡᠭᠡᠨ᠂ ᠰᠠᠶᠢᠬᠠᠨ ᠲᠣᠭᠤᠷᠢᠭ ᠪᠣᠯᠣᠨ ᠰᠢᠨ᠎ᠡ ᠬᠤᠳᠠ ᠶᠢᠨ ᠲᠣᠭᠤᠷᠢᠭ ᠪᠣᠯ ᠪᠦᠬᠦ ᠬᠤᠳᠠ ᠶᠢᠨ ᠬᠥᠮᠥᠨ ᠠᠮᠠ ᠶᠢᠨ ᠲᠣᠮᠣ ᠲᠣᠭᠤᠷᠢᠭ ᠪᠣᠯᠣᠨ᠎ᠠ᠂ ᠰᠡᠷᠭᠡᠶᠢᠯᠡᠨ ᠡᠵᠡᠮᠳᠡᠬᠦ ᠡᠭᠦᠷᠭᠡ ᠬᠠᠲᠠᠭᠤ ᠪᠡᠷᠬᠡ ᠪᠠᠶᠢᠨ᠎ᠠ᠂ ᠵᠠᠩᠭᠢᠯᠠᠭ᠎ᠠ ᠶᠢᠨ ᠴᠠᠭ ᠪᠣᠯᠬᠤ ᠳᠤᠳᠤᠮ ᠤᠯᠠᠮ ᠢᠯᠡᠭᠦᠦ ᠰᠢᠳᠤ ᠵᠠᠭᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠳᠠᠬᠢᠨ ᠨᠠᠷᠢᠯᠢᠭᠵᠢᠭᠤᠯᠵᠤ ᠳᠠᠬᠢᠨ ᠪᠣᠳᠠᠲᠠᠶᠢᠵᠢᠭᠤᠯᠵᠤ᠂ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠵᠤ ᠬᠥᠮᠥᠨ ᠤ ᠲᠣᠯᠣᠭᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠠᠵᠢᠯ ᠢ ᠰᠢᠯᠢᠳᠡᠭᠵᠢᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢᠲᠦ ᠣᠷᠣᠨ ᠪᠦᠰᠡ ᠶᠢ ᠨᠠᠷᠢᠯᠢᠭ ᠣᠨᠣᠪᠴᠢᠲᠠᠢ ᠮᠠᠭᠠᠳᠯᠠᠨ ᠲᠣᠭᠲᠠᠭᠠᠵᠤ᠂ ᠠᠶᠤᠯ ᠲᠦᠭᠰᠢᠭᠦᠷᠢ ᠶᠢᠨ ᠲᠡᠰ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠠᠶᠤᠯ ᠲᠦᠭᠰᠢᠭᠦᠷᠢᠲᠡᠢ ᠬᠥᠮᠥᠰ ᠢ ᠨᠠᠷᠢᠯᠢᠭ ᠣᠨᠣᠪᠴᠢᠲᠠᠢ ᠬᠠᠮᠢᠶᠠᠷᠤᠨ ᠡᠵᠡᠮᠳᠡᠬᠦ ᠬᠡᠷᠡᠭᠲᠡᠢ᠃ ᠲᠦᠷᠭᠡᠨ ᠪᠠᠶᠢᠴᠠᠭᠠᠨ ᠰᠢᠯᠭᠠᠬᠤ᠂ ᠲᠦᠷᠭᠡᠨ ᠲᠤᠰᠠᠭᠠᠷᠯᠠᠬᠤ᠂ ᠲᠦᠷᠭᠡᠨ ᠰᠢᠯᠵᠢᠭᠦᠯᠦᠨ ᠵᠥᠭᠡᠭᠡᠪᠦᠷᠢᠯᠡᠬᠦ᠂ ᠴᠢᠩᠭ᠎ᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠡᠯ᠎ᠡ ᠭᠤᠭᠴᠤᠭ᠎ᠠ ᠶᠢᠨ ᠠᠵᠢᠯ ᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠠᠶᠤᠯ ᠲᠦᠭᠰᠢᠭᠦᠷᠢ ᠶᠡᠬᠡᠲᠡᠢ ᠬᠤᠷᠢᠶᠠᠯᠠᠯ᠂ ᠠᠶᠤᠯ ᠲᠦᠭᠰᠢᠭᠦᠷᠢ ᠶᠡᠬᠡᠲᠡᠢ ᠠᠰᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠺᠠᠳ᠋ᠷ ᠢ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠤᠨ᠂ ᠨᠡᠶᠢᠭᠡᠮ ᠤᠨ ᠥᠩᠭᠡᠨ ᠲᠠᠯ᠎ᠠ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠡᠢ᠃      ᠬᠢᠨᠠᠨ ᠵᠢᠯᠤᠭᠤᠳᠬᠤ ᠶᠠᠪᠤᠴᠠ ᠳᠠᠭᠠᠨ᠂ ᠪᠣᠣ ᠭᠠᠩ ᠬᠤᠶᠠᠷ ᠭᠠᠵᠠᠷ ᠤᠨ ᠬᠡᠰᠡᠭ ᠬᠤᠷᠢᠶᠠᠯᠠᠯ ᠤᠨ ᠲᠦᠭᠰᠢᠭᠦᠷᠢ ᠶᠢᠨ ᠲᠡᠰ ᠤᠨ ᠲᠣᠬᠢᠷᠠᠭᠤᠯᠤᠯᠲᠠ ᠪᠣᠯᠣᠨ ᠭᠤᠣᠯᠳᠠᠯᠭ᠎ᠠ ᠲᠠᠢ ᠬᠥᠮᠥᠰ ᠤᠨ ᠪᠢᠲᠡᠭᠦᠦ ᠬᠠᠮᠢᠶᠠᠷᠤᠯᠲᠠ ᠶᠢᠨ ᠪᠠᠶᠢᠳᠠᠯ ᠢ ᠲᠠᠰᠢᠷᠠᠮ ᠢᠶᠠᠷ ᠪᠠᠶᠢᠴᠠᠭᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号