| | ᠦ᠋ ᠬᠠᠨ ᠹᠧᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ ᠰᠦᠨ ᠱᠤᠤ ᠴᠧᠩ ᠬᠤᠷᠠᠯ ᠢ ᠡᠷᠬᠢᠯᠡᠵᠤ ᠸᠠᠩ | ᠯᠢ ᠰᠢᠶᠠ ᠣᠷᠣᠯᠴᠠᠵᠠᠢ | ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠬᠴᠢ ᠯᠢᠦ ᠰᠢᠶᠤᠤ ᠳ᠋ᠦᠩ︶ | ᠲᠥᠪ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 11 ᠳ᠋ᠦ᠋ᠭᠡᠷ ᠰᠠᠷ᠎ᠠ ᠶᠢᠨ 14 ᠤ ᠡᠳᠦᠷ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠵᠤ᠂ ᠲᠥᠪ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠤᠤᠯ ᠤᠨ ᠳᠡᠳ᠋ | ᠶᠠᠮᠤᠨ ᠤ ᠲᠠᠰ ᠤᠨ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠦ᠋ ᠬᠠᠨ ᠹᠸᠢ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ | ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ | ᠣᠷᠣᠯᠴᠠᠵᠠᠢ᠃ | ᠦ᠋ ᠬᠠᠨ ᠹᠧᠶ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠤᠯ ᠰᠡᠳᠦᠪ ᠤᠨ ᠪᠠᠶᠠᠯᠢᠭ ᠠᠭᠤᠯᠤᠭᠳᠠᠬᠤᠨ᠂ | ᠥᠩᠭᠡᠷᠡᠭᠰᠡᠨ 5 ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠶ ᠪᠠᠶᠢᠳᠠᠯ ᠢ ᠨᠡᠭᠡᠭᠡᠬᠦ ᠲᠡᠦᠬᠡᠨ | ᠬᠠᠷᠢᠭᠤᠴᠠᠯᠭ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠡᠭᠦᠷᠭᠡ ᠬᠠᠷᠢᠭᠤᠴᠠᠯᠭ᠎ᠠ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ᠂ ᠨᠠᠮ ᠤᠨ ᠪᠦᠬᠦ ᠲᠠᠯ᠎ᠠ | ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠷᠢᠯᠠᠭᠤᠯᠤᠯᠲᠠ | ᠱᠠᠭᠠᠷᠳᠠᠯᠭ᠎ᠠ ᠵᠡᠷᠭᠡ ᠶᠢ ᠬᠦᠨᠵᠡᠭᠡᠢ ᠣᠶᠢᠯᠠᠭᠠᠬᠤ ᠶᠢᠨ ᠲᠤᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠬᠤ ᠶᠢᠨ ᠬᠠᠮᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠳᠠᠬᠢ ᠠᠮᠢᠳᠤᠯᠢᠭ ᠦᠢᠯᠡᠳᠦᠯᠭᠡ ᠲᠠᠢ | ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠵᠢᠭᠠᠭᠰᠠᠨ | ᠴᠢᠭᠯᠡᠯ ᠪᠠ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠶᠢᠨ ᠵᠥᠪ ᠣᠨᠣᠪᠴᠢᠲᠤ ᠴᠢᠨᠠᠷ ᠢ ᠭᠦᠨᠵᠡᠭᠡᠢ ᠣᠶᠢᠯᠠᠭᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠦᠨᠡᠨ ᠶᠣᠰᠣᠴᠢ ᠴᠢᠨᠠᠷ ᠢ ᠭᠦᠨᠵᠡᠭᠡᠶ ᠣᠶᠢᠯᠠᠭᠠᠵᠤ᠂ ᠡᠭᠦᠨ ᠢᠶᠠᠷ ᠳᠠᠮᠵᠢᠨ ︽ᠬᠤᠶᠠᠷ ᠢ | ᠲᠣᠭᠲᠠᠭᠠᠭᠰᠠᠨ︾ ᠢ ᠨᠡᠩ ᠤᠬᠠᠮᠰᠠᠷ ᠠᠴᠠ ᠪᠠᠨ ᠡᠷᠡᠰ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ ᠬᠤᠷᠠᠯ ᠳᠤ ᠣᠷᠣᠯᠴᠠᠭᠰᠠᠳ ᠬᠢᠨᠠᠮᠠᠭᠠᠢ ᠰᠣᠨᠣᠰᠴᠤ᠂ ᠬᠢᠨᠠᠮᠠᠭᠠᠢ | ᠲᠡᠮᠳᠡᠭᠯᠡᠵᠦ᠂ ᠤᠯᠠᠨ ᠢᠶᠠᠷ ᠢᠶᠠᠨ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠪᠦᠬᠦ ᠲᠠᠯ᠎ᠠ ᠶᠢᠨ ᠪᠦᠬᠡᠳ | ᠰᠢᠰᠲ᠋ᠧᠮ ᠲᠠᠢ᠂ ᠭᠤᠣᠯᠳᠠᠯᠭ᠎ᠠ ᠨᠢ ᠳᠣᠪᠣᠶᠢᠮ᠎ᠠ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠬᠢᠯᠪᠡᠷ ᠣᠶᠢᠯᠠᠭᠠᠮᠵᠢᠲᠠᠢ | ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠤᠨᠤᠯ ᠤᠨ ᠴᠢᠨᠠᠷ᠂ ᠦᠢᠯᠡᠳᠦᠯᠭᠡ ᠶᠢᠨ ᠴᠢᠨᠠᠷ ᠪᠠ | ᠵᠢᠯᠣᠭᠤᠳᠬᠤ ᠴᠢᠨᠠᠷ ᠲᠠᠢ ᠪᠠᠶᠢᠵᠤ᠂ ᠤᠯᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ ᠪᠣᠳᠠᠲᠠᠢ ᠬᠢᠬᠦ ᠳᠤ ᠨᠢᠭᠡ ᠤᠳᠠᠭᠠᠨ ᠤ ᠮᠠᠰᠢ ᠰᠠᠶᠢᠨ ᠬᠠᠪᠰᠤᠷᠤᠨ | ᠵᠢᠯᠣᠭᠤᠳᠤᠯᠭ᠎ᠠ ᠪᠣᠯᠬᠤ ᠪᠥᠭᠡᠳ ᠪᠠᠰᠠ ᠴᠤ ᠨᠢᠭᠡ ᠤᠳᠠᠭ᠎ᠠ ᠶᠢᠨ ᠬᠦᠴᠦᠲᠡᠢ ᠠᠬᠢᠭᠤᠯᠤᠯ ᠪᠣᠯᠣᠨ᠎ᠠ ᠭᠡᠵᠦ ᠰᠠᠨᠠᠯ | ᠨᠢᠭᠡᠲᠡᠢ ᠦᠵᠡᠵᠡᠭᠡᠵᠠᠢ᠃ ᠣᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ | ᠬᠠᠷᠠᠯᠲᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ | ᠪᠣᠯᠣᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠭᠡᠵᠦ᠂ ᠬᠦᠴᠦᠨ ᠴᠢᠳᠠᠯ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠰᠢᠷᠭᠠᠭᠤ | ᠬᠠᠲᠠᠭᠤᠵᠢᠯᠲᠠᠶ ᠠᠵᠢᠯᠯᠠᠵᠤ᠂ ᠡᠷᠡᠯᠬᠡᠭᠯᠡᠨ ᠤᠷᠤᠬᠰᠢᠯᠠᠵᠤ ᠲᠡᠷᠢᠭᠦᠨ ᠢ ᠲᠡᠮᠡᠴᠡᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠡᠬᠡ ᠭᠠᠵᠠᠷ ᠲᠤ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠬᠡᠵᠡᠭᠡᠪᠡ᠃ | ᠰᠦᠨ ᠱᠤᠤ ᠴᠧᠩ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠪᠠ | ᠬᠤᠶᠢᠰᠢᠳᠠ ᠶᠢᠨ ᠭᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠪᠢᠳᠠ | ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠳᠡᠢ ᠭᠡᠰᠡᠨ ᠴᠢᠬᠤᠯᠠ ᠱᠠᠭᠠᠷᠳᠠᠯᠭ᠎ᠠ ᠶᠢ ᠬᠦᠨᠵᠡᠭᠡᠢ | ᠲᠤᠭᠤᠰᠢᠯᠠᠭᠤᠯᠵᠤ᠂ ᠡᠨᠡ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠢᠭᠡᠨᠲᠡ | ᠬᠠᠯᠠᠭᠤᠨ ᠥᠷᠨᠢᠯᠲᠡ ᠭᠠᠷᠭᠠᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠭᠦᠨᠴᠠ ᠶᠢ ᠤᠷᠳᠤᠤᠡᠬᠠᠨ᠂ ᠦᠷᠭᠡᠴᠡ ᠶᠢ | ᠦᠷᠬᠡᠵᠢᠬᠦᠯᠵᠦ᠂ ᠰᠤᠷᠤᠯᠴᠠᠵᠤ ᠪᠣᠯᠪᠠᠰᠤᠷᠠᠯ ᠬᠦᠷᠳᠡᠬᠡᠬᠦ ᠪᠠ ᠤᠬᠠᠭᠤᠯᠤᠨ ᠲᠠᠶᠢᠯᠪᠤᠷᠢᠯᠠᠬᠤ ᠶᠢᠨ ᠬᠠᠨᠳᠤᠯᠭᠠᠲᠤ | ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠨᠠᠬᠰᠢᠳᠠ ᠴᠢᠩᠭᠠᠳᠬᠠᠵᠤ᠂ ᠰᠤᠷᠤᠯᠴᠠᠨ ᠲᠤᠭᠤᠰᠢᠯᠠᠭᠤᠯᠤᠬᠰᠡᠨ | ᠦᠷ᠎ᠡ ᠪᠦᠲᠦᠭᠡᠯ ᠢᠶᠠᠨ ᠵᠢᠯ ᠤᠨ ᠡᠴᠦᠰ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠪᠠ ᠢᠷᠡᠬᠦ ᠵᠢᠯ ᠤᠨ | ᠠᠵᠢᠯ ᠢᠶᠠᠨ ᠰᠠᠶᠢᠲᠤᠷ ᠲᠣᠬᠢᠷᠠᠭᠤᠯᠬᠤ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠶ᠃ ᠭᠦᠨᠵᠡᠭᠡᠶ ᠰᠤᠷᠤᠯᠴᠠᠨ | ᠦᠢᠯᠡᠳᠦᠯᠭᠡᠵᠢᠭᠦᠯᠬᠦ ᠪᠠᠷ ᠳᠡᠮᠵᠢᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠶ ᠠᠴᠢ | ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ ᠤᠬᠠᠮᠰᠠᠷ ᠠᠴᠠ ᠪᠠᠨ | ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠥᠬᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ᠃ | | ᠮᠡᠳᠡᠭᠦᠯᠦᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠶᠠᠪᠤᠭᠳᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ | ︵ᠬᠤᠳᠠ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ | | |