ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠬᠴᠢ ᠰᠦᠩ ᠱᠤᠸᠠᠩ︶ 11 ᠳ᠋ᠦ᠋ᠭᠡᠷ | ᠰᠠᠷ᠎ᠠ ᠶᠢᠨ 15 ᠤ ᠦᠳᠡ ᠶᠢᠨ ᠡᠮᠦᠨ᠎ᠡ᠂ ᠸᠠᠩ ᠯᠢ ᠰᠢᠶᠠ ᠤᠷᠢᠳᠴᠢᠯᠡᠨ ᠮᠡᠳᠡᠭᠳᠡᠭᠰᠡᠨ ᠦᠭᠡᠢ ᠪᠠᠷ | ᠬᠥᠬᠡᠬᠤᠲᠠ ᠶᠢᠨ ᠾᠧᠩ ᠴᠠᠩ ᠬᠤᠳᠠᠯᠳᠤᠭᠠᠨ ᠤ ᠬᠤᠳᠠ ᠶᠢᠨ ᠡᠭᠦᠳᠡᠨ ᠳᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠴᠡᠭ᠂ ᠲᠦᠩ ᠬᠤᠢ ᠰᠠᠭᠤᠭᠠᠯᠢ ᠠᠷᠠᠳ ᠤᠨ ᠬᠤᠷᠢᠶᠠᠯᠠᠯ᠂ ᠶᠢᠨ ᠬᠤᠸᠠ ᠨᠡᠶᠢᠲᠡ ᠶᠢᠨ | ᠪᠠᠶᠢᠷᠢ ᠶᠢᠨ ᠰᠠᠭᠤᠭᠠᠯᠢ ᠠᠷᠠᠳ ᠤᠨ ᠬᠤᠷᠢᠶᠠᠯᠠᠯ᠂ ᠮᠢᠩ ᠽᠤ᠋ ᠶᠠ ᠵᠢᠤᠢ ᠰᠠᠭᠤᠭᠠᠯᠢ ᠠᠷᠠᠳ ᠤᠨ ᠬᠤᠷᠢᠶᠠᠯᠠᠯ᠂ ᠶᠢᠨ | ᠶᠤᠸᠠᠨ ᠪᠠᠷᠠᠭᠤᠨ ᠲᠣᠭᠤᠷᠢᠭ ᠤᠨ ᠰᠠᠭᠤᠭᠠᠯᠢ ᠠᠷᠠᠳ ᠤᠨ ᠬᠤᠷᠢᠶᠠᠯᠠᠯ᠂ ᠱᠢᠶᠠᠩ ᠲᠠᠢ ᠬᠤᠸᠠ ᠶᠤᠸᠠᠨ ᠵᠡᠷᠭᠡ | ᠰᠠᠭᠤᠭᠠᠯᠢ ᠠᠷᠠᠳ ᠤᠨ ᠬᠤᠷᠢᠶᠠᠯᠠᠯ ᠳᠤ ᠬᠦᠷᠴᠦ᠂ ᠰᠠᠭᠤᠭᠠᠯᠢ ᠠᠷᠠᠳ ᠤᠨ ᠬᠤᠷᠢᠶᠠᠯᠠᠯ ᠤᠨ ᠬᠠᠮᠢᠶᠠᠷᠤᠨ ᠡᠵᠡᠮᠳᠡᠬᠦ | ᠂ ᠺᠠᠳ᠋ᠷ ᠳᠠᠭᠠᠭᠠᠴᠢᠯᠠᠨ ᠬᠠᠷᠢᠯᠴᠠᠬᠤ᠂ ᠤᠯᠠᠨ ᠲᠦᠮᠡᠨ ᠤ ᠠᠮᠢᠳᠤᠷᠠᠯ ᠢ ᠪᠠᠲᠤᠯᠠᠬᠤ ᠵᠡᠷᠭᠡ ᠪᠣᠳᠠᠲᠠᠢ ᠪᠠᠶᠢᠳᠠᠯ ᠢ | ᠨᠠᠷᠢᠨ ᠠᠰᠠᠭᠤᠵᠤ᠂ ᠬᠡᠰᠡᠭ ᠰᠠᠭᠤᠭᠠᠯᠢ ᠠᠷᠠᠳ ᠤᠨ ᠬᠤᠷᠢᠶᠠᠯᠠᠯ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠵᠣᠬᠢᠶᠠᠨ ᠪᠠᠶᠢᠭᠤᠯᠤᠯᠲᠠ ᠭᠦᠢᠴᠡᠳ ᠪᠤᠰᠤ᠂ ᠠᠵᠢᠯ ᠤᠨ ᠡᠩᠨᠡᠭᠡ ᠬᠠᠮᠲᠤᠷᠠᠯ ᠬᠦᠴᠦᠨ ᠪᠤᠯᠵᠦ ᠪᠦᠷᠢᠯᠳᠦᠭ᠌ᠰᠡᠨ | ᠦᠭᠡᠢ᠂ ᠠᠵᠢᠯᠲᠠᠳ ᠰᠠᠭᠤᠭᠠᠯᠢ ᠠᠷᠠᠳ ᠤᠨ ᠬᠤᠷᠢᠶᠠᠯᠠᠯ ᠤᠨ ᠪᠠᠶᠢᠳᠠᠯ ᠢ ᠣᠨᠣᠪᠴᠢᠲᠠᠢ ᠡᠵᠡᠮᠰᠢᠭᠰᠡᠨ ᠦᠭᠡᠢ | ᠵᠡᠷᠭᠡ ᠠᠰᠠᠭᠤᠳᠠᠯ ᠢ ᠲᠤᠬᠠᠢ ᠶᠢᠨ ᠲᠠᠯᠠᠪᠠᠢ ᠲᠤ ᠵᠢᠭᠠᠵᠤ ᠭᠠᠷᠭᠠᠬᠤ ᠶᠢᠨ ᠬᠠᠮᠲᠤ ᠨᠢᠭᠡ ᠠᠴᠠ ᠨᠦᠬᠦᠭᠡ ᠶᠢ | ᠵᠦᠢᠴᠢᠯᠡᠨ ᠮᠡᠳᠡᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ | ᠸᠠᠩ ᠯᠢ ᠰᠢᠶᠠ᠂ ᠡᠯ᠎ᠡ ᠱᠠᠲᠤᠨ ᠤ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ | ᠹᠷᠣᠨᠲ ᠳᠤ ᠪᠠᠶᠢᠵᠤ ᠠᠵᠢᠯ ᠤᠨ ᠪᠠᠶᠢᠷᠢ ᠪᠠᠨ ᠰᠠᠬᠢᠬᠤ ᠪᠠᠶᠢᠳᠠᠯ ᠢᠶᠠᠨ ᠪᠠᠳᠤᠯᠠᠵᠤ᠂ ᠬᠠᠷᠢᠭᠤᠴᠠᠵᠤ ᠪᠠᠶᠢᠭ᠎ᠠ | ᠰᠠᠭᠤᠭᠠᠯᠢ ᠠᠷᠠᠳ ᠤᠨ ᠬᠤᠷᠢᠶᠠᠯᠠᠯ ᠤᠨ ᠨᠠᠰᠤᠲᠠᠢᠴᠤᠳ᠂ ᠬᠡᠦᠬᠡᠳ᠂ ᠵᠢᠷᠮᠦᠰᠦᠨ ᠪᠠ ᠬᠥᠩᠭᠡᠵᠢᠭᠰᠡᠨ | ᠡᠮᠡᠭᠲᠡᠶᠢᠴᠦᠳ᠂ ᠰᠠᠭᠤᠷᠢ ᠡᠪᠡᠳᠴᠢᠨ ᠲᠠᠢ ᠡᠪᠡᠳᠴᠢᠲᠡᠨ ᠵᠡᠷᠭᠡ ᠡᠯ᠎ᠡ ᠲᠥᠷᠥᠯ ᠤᠨ ᠬᠥᠮᠥᠰ ᠤᠨ ᠲᠤᠬᠠᠢ | ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠲᠠᠩᠰᠠ ᠲᠠᠢ ᠪᠠᠶᠢᠵᠤ᠂ ᠬᠥᠮᠦᠨ ᠤ ᠲᠤᠭ᠎ᠠ ᠲᠣᠳᠣᠷᠬᠠᠢ᠂ ᠬᠥᠮᠦᠨ ᠤ | ᠪᠠᠶᠢᠳᠠᠯ ᠲᠣᠳᠣᠷᠬᠠᠢ᠂ ᠣᠷᠣᠨ ᠪᠠᠶᠢᠷᠢ ᠲᠣᠳᠣᠷᠬᠠᠢ᠂ ᠪᠠᠶᠢᠳᠠᠯ ᠲᠣᠳᠣᠷᠬᠠᠢ᠂ ᠡᠭᠦᠷᠭᠡ ᠬᠠᠷᠢᠭᠤᠴᠠᠯᠭ᠎ᠠ ᠲᠣᠳᠣᠷᠬᠠᠢ | ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠡᠳᠭᠢᠯ ᠲᠠᠯᠪᠢᠨ ᠦᠢᠯᠡᠴᠢᠯᠡᠵᠦ᠂ ᠦᠨᠡᠨ ᠰᠡᠳᠭᠢᠯ ᠠᠴᠠ ᠪᠠᠨ | ᠦᠢᠯᠡᠴᠢᠯᠡᠵᠦ᠂ ᠰᠠᠶᠢᠲᠤᠷ ᠦᠢᠯᠡᠴᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠡᠬᠡ ᠲᠠᠩᠰᠠ ᠶᠢ | ᠪᠠᠶᠢᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠤᠨ | ᠡᠪᠡᠳᠴᠢᠨ ᠦᠵᠡᠭᠦᠯᠵᠦ ᠡᠮ ᠬᠡᠷᠡᠭᠯᠡᠬᠦ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠢ᠃ ᠤᠯᠠᠨ ᠲᠦᠮᠡᠨ ᠢ | ᠢᠲᠡᠭᠡᠵᠦ᠂ ᠤᠯᠠᠨ ᠲᠦᠮᠡᠨ ᠳᠤ ᠲᠦᠰᠢᠭᠯᠡᠵᠦ᠂ ᠤᠯᠠᠨ ᠲᠦᠮᠡᠨ ᠢ ᠳᠠᠶᠢᠴᠢᠯᠠᠵᠤ᠂ ᠥᠷᠭᠡᠨ ᠤᠯᠠᠨ ᠲᠦᠮᠡᠨ ᠢ | ᠳᠠᠶᠢᠴᠢᠯᠠᠨ ᠠᠭᠤᠰᠤᠯᠴᠠᠭᠤᠯᠵᠤ᠂ ᠳᠠᠶᠢᠯᠠᠯᠳᠤᠭᠠᠨ ᠳᠤ ᠣᠷᠣᠯᠴᠠᠭᠤᠯᠤᠨ᠂ ᠴᠠᠭ ᠤᠨ ᠪᠡᠷᠬᠡ ᠶᠢ ᠬᠠᠮᠲᠤ ᠪᠠᠷ | ᠲᠤᠭᠤᠯᠬᠤ᠂ ᠰᠡᠳᠭᠢᠯ ᠨᠢᠭᠡᠳᠦᠨ ᠬᠢᠵᠢᠭ ᠲᠠᠢ ᠲᠡᠮᠡᠴᠡᠬᠦ ᠬᠦᠴᠦᠷᠬᠡᠭ ᠶᠡᠭᠡ ᠢᠲᠡᠭᠡᠯ ᠬᠦᠴᠦᠨ ᠢ ᠨᠢᠭᠲᠠᠷᠠᠭᠤᠯᠬᠤ | ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠳᠤ ᠦᠨᠡᠨ ᠬᠦ ᠭᠦᠨᠵᠡᠭᠡᠶᠢᠷᠡᠨ᠂ | ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠨ ᠬᠠᠷᠢᠭᠤᠴᠠᠯᠭ᠎ᠠ ᠪᠠᠨ ᠮᠡᠳᠡᠵᠦ᠂ | ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦᠨ ᠢᠶᠠᠨ ᠨᠡᠶᠢᠳᠬᠡᠵᠦ᠂ ᠬᠠᠮᠲᠤᠷᠠᠨ | ᠪᠠᠶᠢᠯᠳᠤᠵᠤ᠂ ᠬᠤᠷᠢᠨ ᠵᠦᠢᠯ ᠤᠨ ᠠᠷᠭ᠎ᠠ ᠬᠡᠮᠵᠢᠶ᠎ᠡ ᠪᠠᠷ ᠪᠠᠷᠢᠮᠵᠢᠶᠠᠯᠠᠨ ᠬᠠᠷᠭᠤᠭᠤᠯᠵᠤ᠂ ᠰᠡᠷᠭᠡᠶᠢᠯᠡᠨ ᠡᠵᠡᠮᠳᠡᠬᠦ | ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠢ ᠥᠷᠨᠢᠭᠦᠯᠬᠦ ᠬᠡᠷᠡᠭᠲᠡᠢ ᠭᠡᠵᠡᠢ᠃ |