ᠮᠠᠨ ᠤ ᠬᠤᠲᠠ ᠰᠦᠯᠵᠢᠶᠡᠨ ᠳᠡᠭᠡᠷᠡᠬᠢ ᠰᠢᠷᠢᠰ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/11/27
      ᠠᠵᠤ ᠠᠬᠤᠶᠢᠯᠠᠯ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠵᠤ ᠂ ᠬᠡᠷᠡᠭᠯᠡᠭᠡᠨ ᠤ ᠮᠡᠷᠭᠡᠵᠢᠯ ᠢ ᠰᠤᠷᠤᠯᠴᠠᠨ᠂ ᠦᠢᠯᠡᠳᠪᠦᠷᠢᠯᠡᠯ ᠤᠨ ᠬᠥᠭᠵᠢᠯᠲᠡ ᠶᠢᠨ ᠳᠤᠮᠳᠠᠬᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠦᠢᠯᠡᠴᠢᠯᠡᠬᠦ ᠶᠢᠨ ᠲᠥᠯᠥᠭᠡ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠥᠬᠡᠬᠤᠲᠠ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢ ᠵᠣᠬᠢᠶᠠᠨ ᠪᠠᠶᠢᠭᠤᠯᠵᠤ᠂ 11 ᠳ᠋ᠤᠭᠡᠷ ᠰᠠᠷ᠎ᠠ ᠶᠢᠨ 21 ᠤ ᠡᠳᠦᠷ ᠠᠴᠠ 12 ᠳ᠋ᠤᠭᠠᠷ ᠰᠠᠷ᠎ᠠ ᠶᠢᠨ 20 ᠤ ᠡᠳᠦᠷ ᠪᠣᠯᠲᠠᠯᠠᠬᠢ ᠬᠤᠭᠤᠴᠠᠭᠠᠨ ᠤ ᠰᠦᠯᠵᠢᠶᠡᠨ ᠳᠡᠭᠡᠷᠡᠬᠢ ᠰᠢᠷᠢᠰ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃  ᠪᠣᠯᠪᠠᠰᠤᠷᠠᠭᠤᠯᠤᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠪᠣᠷᠤᠯᠠᠭᠤᠯᠭ᠎ᠠ ᠶᠢ ᠠᠬᠢᠭᠤᠯᠬᠤ ᠠᠷᠭ᠎ᠠ ᠪᠣᠳᠣᠯᠭ᠎ᠠ ᠵᠡᠷᠭᠡ ᠠᠵᠤ ᠠᠬᠤᠶᠢᠯᠠᠯ ᠤᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠠᠭᠤᠯᠭ᠎ᠠ ᠵᠢᠴᠢ ᠭᠤᠣᠯᠳᠠᠯᠭ᠎ᠠ ᠲᠠᠢ ᠠᠵᠢᠯ ᠲᠥᠷᠥᠯ ᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ᠂  ᠬᠢᠮᠳᠠ ᠨᠡᠭᠦᠷᠡᠰᠦ ᠶᠢ ᠪᠣᠬᠢᠷᠳᠤᠯ ᠦᠭᠡᠢ ᠥᠨᠳᠥᠷ ᠦᠷ᠎ᠡ ᠪᠦᠲᠦᠮᠵᠢᠲᠡᠶ ᠱᠠᠲᠤᠯᠠᠨ ᠤᠯᠠᠷᠢᠭᠤᠯᠤᠨ ᠠᠰᠢᠭᠯᠠᠬᠤ ᠵᠡᠷᠭᠡ ᠠᠵᠢᠯ ᠲᠥᠷᠥᠯ ᠤᠨ ᠮᠡᠷᠭᠡᠵᠢᠯ ᠤᠨ ᠬᠤᠯᠪᠤᠭᠳᠠᠯ ᠪᠦᠬᠦᠢ ᠠᠭᠤᠯᠭ᠎ᠠ ᠳᠤ ᠬᠤᠯᠪᠣᠭᠳᠠᠨ᠎ᠠ᠃      11 ᠳ᠋ᠤᠭᠡᠷ ᠰᠠᠷ᠎ᠠ ᠶᠢᠨ 21 ᠤ ᠡᠳᠦᠷ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠡᠷᠬᠢᠨ ᠪᠣᠶᠢᠵᠢᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ︾ ᠪᠠᠷ ᠰᠡᠳᠦᠪ ᠪᠣᠯᠭᠠᠭᠰᠠᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠴᠤᠭᠯᠠᠭᠠᠨ ᠢ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠭᠤᠯᠵᠤ᠂ ᠪᠣᠯᠪᠠᠰᠤᠷᠠᠭᠤᠯᠤᠯ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠣᠭᠤᠷᠢᠨ ᠳᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠵᠢᠴᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠰᠠᠭᠤᠷᠢ ᠮᠡᠳᠡᠯᠭᠡ ᠭᠤᠷᠪᠠᠨ ᠲᠠᠯ᠎ᠠ ᠪᠠᠷ ᠲᠠᠶᠢᠯᠤᠮᠵᠢ ᠬᠢᠪᠡ᠃ ᠨᠡᠶᠢᠲᠡ 141 ᠠᠵᠤ ᠠᠬᠤᠶᠢᠯᠠᠯ ᠤᠨ ᠲᠥᠯᠥᠭᠡᠯᠡᠭᠴᠢ ᠰᠢᠭᠤᠳ ᠨᠡᠪᠲᠡᠷᠡᠭᠦᠯᠬᠦ ᠪᠣᠯᠪᠠᠰᠤᠷᠠᠭᠤᠯᠤᠯ ᠳᠤ ᠣᠷᠣᠯᠴᠠᠵᠤ᠂ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠠᠵᠤ ᠠᠬᠤᠶᠢᠯᠠᠯ ᠢ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠨᠠᠩ ᠲᠣᠳᠣᠷᠬᠠᠢ ᠰᠡᠳᠬᠢᠮᠵᠢ ᠲᠠᠢ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠶᠠᠪᠤᠴᠠ ᠳᠤ   ᠲᠣᠭᠤᠷᠢᠭᠤ ᠵᠠᠮ ᠢᠶᠠᠷ ᠶᠠᠪᠤᠬᠤ ᠠᠴᠠ ᠵᠠᠶᠢᠯᠠᠰᠬᠢᠵᠡᠢ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号