11 ᠰᠠᠷ᠎ᠠ ᠶᠢᠨ 29 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 102 | ᠨᠡᠮᠡᠭᠳᠡᠵᠦ᠂ ᠡᠭᠦᠨ ᠳᠤ ᠭᠦᠭᠡᠬᠤᠳᠠ ᠳᠤ 68 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ | ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠪᠠᠭᠲᠠᠨ᠎ᠠ︶᠂ ᠬᠥᠯᠥᠨ ᠪᠦᠢᠷ ᠬᠤᠳᠠ ᠳᠤ 29 ︵ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 5 | ᠪᠠᠭᠲᠠᠨ᠎ᠠ︶᠂ ᠤᠯᠠᠭᠠᠨᠬᠠᠳᠠ ᠬᠤᠳᠠ ᠳᠤ 3᠂ ᠣᠷᠳᠣᠰ ᠬᠤᠲᠠ ᠳᠤ 2 ᠪᠤᠢ᠃ ᠲᠤᠬᠠᠢ ᠶᠢᠨ ᠡᠳᠦᠷ ᠤᠨ | ᠲᠣᠳᠣᠯᠠᠭᠰᠠᠨ 94 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠭᠦᠭᠡᠬᠤᠳᠠ ᠳᠤ 76᠂ | ᠤᠯᠠᠭᠠᠨᠬᠠᠳᠠ ᠬᠤᠲᠠ ᠳᠤ 1᠂ ᠤᠯᠠᠭᠠᠨᠴᠠᠪ ᠬᠤᠲᠠ ᠳᠤ 1᠂ ᠣᠷᠳᠣᠰ ᠬᠤᠲᠠ ᠳᠤ 16 ᠪᠤᠢ᠃ | 11 ᠰᠠᠷ᠎ᠠ ᠶᠢᠨ 29 ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 773 ᠪᠠᠶᠢᠵᠤ᠂ ᠡᠭᠦᠨ ᠳᠤ | ᠭᠦᠭᠡᠬᠤᠳᠠ ᠳᠤ 442᠂ ᠪᠤᠭᠤᠲᠤ ᠬᠤᠳᠠ ᠳᠤ 1᠂ ᠬᠥᠯᠥᠨ ᠪᠦᠢᠷ ᠬᠤᠳᠠ ᠳᠤ 106᠂ ᠬᠢᠩᠭᠠᠨ ᠠᠶᠢᠮᠠᠭ ᠲᠤ | 11᠂ ᠤᠯᠠᠭᠠᠨᠬᠠᠳᠠ ᠬᠤᠲᠠ ᠳᠤ 59᠂ ᠰᠢᠯᠢ ᠶᠢᠨ ᠭᠤᠣᠯ ᠠᠶᠢᠮᠠᠭ ᠲᠤ 2᠂ ᠤᠯᠠᠭᠠᠨᠴᠠᠪ ᠬᠤᠳᠠ ᠳᠤ 5᠂ | ᠣᠷᠳᠣᠰ ᠬᠤᠲᠠ ᠳᠤ 147 ᠪᠤᠢ᠃ | ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 5᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠴᠦᠮ ᠨᠡᠶᠢᠰᠯᠡᠯ ᠤᠨ ᠤᠯᠠᠨ ᠤᠯᠤᠰ ᠤᠨ | ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ | ᠨᠢᠰᠬᠡᠯ ᠤᠨ ᠪᠠᠭᠤᠳᠠᠯ ᠳᠤ ᠪᠠᠭᠤᠭᠰᠠᠳ︶ ᠨᠡᠮᠡᠭᠳᠡᠪᠡ᠃ | ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 322 | ᠨᠡᠮᠡᠭᠳᠡᠵᠦ᠂ ᠡᠭᠦᠨ ᠳᠤ ᠭᠦᠭᠡᠬᠤᠳᠠ ᠳᠤ 125᠂ ᠪᠤᠭᠤᠲᠤ ᠬᠤᠳᠠ ᠳᠤ 26᠂ ᠬᠥᠯᠥᠨ ᠪᠦᠢᠷ ᠬᠤᠳᠠ ᠳᠤ 23᠂ | ᠬᠢᠩᠭᠠᠨ ᠠᠶᠢᠮᠠᠭ ᠲᠤ 39᠂ ᠲᠦᠩᠯᠢᠶᠣᠣ ᠬᠤᠲᠠ ᠳᠤ 15᠂ ᠤᠯᠠᠭᠠᠨᠬᠠᠳᠠ ᠬᠤᠲᠠ ᠳᠤ 11᠂ ᠰᠢᠯᠢ ᠶᠢᠨ | ᠭᠤᠣᠯ ᠠᠶᠢᠮᠠᠭ ᠲᠤ 16᠂ ᠤᠯᠠᠭᠠᠨᠴᠠᠪ ᠬᠤᠳᠠ ᠳᠤ 8᠂ ᠣᠷᠳᠣᠰ ᠬᠤᠲᠠ ᠳᠤ 14᠂ ᠪᠠᠶᠠᠨᠨᠠᠭᠤᠷ ᠬᠤᠲᠠ ᠳᠤ | 35᠂ ᠦᠬᠠᠢ ᠬᠤᠳᠠ ᠳᠤ 8᠂ ᠠᠯᠠᠱᠠ ᠠᠶᠢᠮᠠᠭ ᠲᠤ 2 ᠪᠤᠢ᠃ ᠲᠤᠬᠠᠢ ᠶᠢᠨ ᠡᠳᠦᠷ ᠡᠪᠡᠳᠴᠢᠨ ᠤ ᠢᠯᠡᠷᠡᠯ | ᠦᠭᠡᠢ 1219 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ | ᠭᠦᠭᠡᠬᠤᠳᠠ ᠳᠤ 1055᠂ ᠪᠤᠭᠤᠲᠤ ᠬᠤᠳᠠ ᠳᠤ 22᠂ ᠬᠢᠩᠭᠠᠨ ᠠᠶᠢᠮᠠᠭ ᠲᠤ 22᠂ ᠲᠦᠩᠯᠢᠶᠣᠣ ᠬᠤᠲᠠ ᠳᠤ | 80᠂ ᠤᠯᠠᠭᠠᠨᠬᠠᠳᠠ ᠬᠤᠲᠠ ᠳᠤ 4᠂ ᠰᠢᠯᠢ ᠶᠢᠨ ᠭᠤᠣᠯ ᠠᠶᠢᠮᠠᠭ ᠲᠤ 4᠂ ᠤᠯᠠᠭᠠᠨᠴᠠᠪ ᠬᠤᠳᠠ ᠳᠤ 25᠂ | ᠪᠠᠶᠠᠨᠨᠠᠭᠤᠷ ᠬᠤᠲᠠ ᠳᠤ 4᠂ ᠠᠯᠠᠱᠠ ᠠᠶᠢᠮᠠᠭ ᠲᠤ 3 ᠪᠤᠢ᠃ ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ | ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ |