ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ ᠵᠠᠯᠠᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠠᠭᠤᠷᠮᠠᠭ ᠳ᠋ᠦᠩ ᠭᠠᠷᠭᠠᠭᠰᠠᠨ ᠢ ᠴᠢᠩᠭ᠎ᠠ ᠰᠢᠢᠳᠪᠦᠷᠢᠯᠡᠵᠦ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠲᠦᠷᠭᠡᠳᠬᠡᠨ᠎ᠡ ᠁ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/12/1
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 11 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠶ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠬᠠᠮᠲᠤ ᠪᠠᠷ ᠠᠩᠬᠠᠷᠴᠠᠭᠠᠶ᠎ᠠ︕      ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ      ᠤᠷᠳᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠲᠤᠶᠢᠯ ᠤᠨ ᠶᠡᠭᠡ ᠪᠠᠷ ᠨᠥᠯᠥᠭᠡᠯᠡᠬᠦ ᠪᠠᠷ ᠪᠠᠷᠠᠬᠤ ᠦᠭᠡᠢ ᠠᠮᠠᠷᠬᠠᠨ ᠪᠤᠬᠢᠨᠢᠳᠤᠬᠤ ᠰᠡᠳᠬᠢᠯᠭᠡ ᠶᠢ ᠡᠭᠦᠰᠬᠡᠵᠦ᠂ ᠠᠮᠢᠳᠤᠷᠠᠯ ᠤᠨ ᠬᠦᠴᠢᠷᠳᠡᠯ ᠢ ᠪᠤᠢ ᠪᠣᠯᠭᠠᠳᠠᠭ᠃ ᠡᠶᠢᠮᠦᠷᠬᠦᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ᠃ ᠡᠶᠢᠮᠦ ᠠᠴᠠ᠂ ᠡᠯ᠎ᠡ ᠭᠠᠵᠠᠷ ᠤᠨ ᠬᠢᠨ ᠥᠨᠳᠥᠷ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ ᠬᠤᠪᠢᠶᠠᠷᠢᠯᠠᠬᠤ ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠦᠭᠰᠢᠭᠦᠷᠢᠲᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠵᠠᠷᠴᠢᠮ ᠳᠡᠭᠡᠷ᠎ᠡ ᠪᠠᠨ ᠥᠨᠳᠥᠷ ᠳᠡᠰ ᠤᠨ ᠲᠦᠭᠰᠢᠭᠦᠷᠢᠲᠦ ᠣᠷᠣᠨ ᠢ ᠡᠩ ᠤᠨ ᠪᠠᠶᠢᠳᠠᠯ ᠳᠤ ᠣᠷᠣᠴᠠ᠂ ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠲᠣᠳᠣᠷᠬᠠᠢ ᠦᠭᠡᠢ ᠪᠤᠶᠤ ᠨᠡᠶᠢᠭᠡᠮ ᠲᠣᠭᠤᠷᠢᠭ ᠲᠤ ᠥᠷᠭᠡᠨ ᠢᠶᠠᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠶᠢᠭ᠎ᠠ ᠪᠠᠶᠢᠳᠠᠯ ᠳᠣᠣᠷ᠎ᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ ᠪᠣᠯᠣᠨ᠎ᠠ᠂ ᠭᠡᠬᠦ ᠳᠤ ᠪᠠᠨ ᠴᠠᠭ ᠲᠤᠬᠠᠢ ᠳᠤ ᠨᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ ᠬᠡᠷᠡᠭᠲᠡᠢ᠃ ᠲᠦᠭᠰᠢᠭᠦᠷᠢᠲᠦ ᠬᠥᠮᠥᠰ ᠢ ᠮᠠᠭᠠᠳᠯᠠᠨ ᠲᠣᠭᠲᠠᠭᠠᠬᠤ ᠳᠤ ᠪᠠᠨ ᠲᠤᠬᠠᠢ ᠶᠢᠨ ᠲᠠᠯᠠᠪᠤᠷ ᠤᠨ ᠬᠠᠯᠳᠠᠪᠤᠷᠢᠲᠦ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ ᠪᠣᠯᠭᠠᠬᠤ ᠬᠡᠷᠡᠭᠲᠡᠢ᠂ ᠴᠠᠭ ᠬᠤᠭᠤᠴᠠᠭ᠎ᠠ ᠪᠠ ᠣᠷᠣᠨ ᠵᠠᠢ ᠶᠢᠨ ᠳᠠᠭᠠᠯᠲᠠ ᠪᠠᠷ ᠳᠠᠮᠵᠢᠭᠤᠯᠤᠨ ᠬᠡᠪᠴᠢᠶ᠎ᠡ ᠶᠢ ᠨᠢ ᠥᠷᠭᠡᠳᠬᠡᠵᠦ᠂ ᠶᠡᠭᠡ ᠬᠡᠪᠴᠢᠶ᠎ᠡ ᠪᠠᠷ ︽ᠠᠳᠡᠭᠦᠷᠡᠨ ᠪᠢᠲᠡᠭᠦᠮᠵᠢᠯᠡᠵᠦ︾ ᠪᠣᠯᠬᠤ ᠦᠭᠡᠢ᠃ ᠬᠢᠵᠢᠭ ᠤᠨ ᠪᠠᠶᠢᠳᠠᠯ ᠠᠴᠠ ᠪᠣᠯᠵᠤ ᠣᠯᠠᠨ ᠲᠦᠮᠡᠨ ᠳᠤ ᠶᠠᠷᠰᠢᠭ ᠲᠦᠪᠡᠭ ᠤᠴᠠᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠥᠨᠳᠥᠷ ᠳᠡᠰ ᠤᠨ ᠲᠦᠭᠰᠢᠭᠦᠷᠢᠲᠦ ᠣᠷᠣᠨ ᠢ ᠴᠢᠩᠭ᠎ᠠ ᠬᠠᠮᠢᠶᠠᠷᠤᠨ ᠡᠵᠡᠮᠳᠡᠵᠦ᠂ ︽ᠭᠡᠷ ᠠᠴᠠ ᠪᠠᠨ ᠭᠠᠷᠬᠤ ᠦᠭᠡᠢ︾ ᠪᠠᠶᠢᠬᠤ ᠶᠢ ᠪᠡᠶᠡᠯᠡᠭᠦᠯᠬᠦ ᠪᠠᠷ ᠪᠠᠷᠠᠬᠤ ᠦᠭᠡᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠭᠦᠨ ᠤ ᠵᠡᠷᠭᠡ ᠳᠤ᠂ ᠪᠢᠲᠡᠭᠦᠮᠵᠢᠯᠡᠨ ᠡᠵᠡᠮᠳᠡᠬᠦ ᠪᠠ ᠲᠤᠰᠠᠭᠠᠷᠯᠠᠬᠤ ᠬᠥᠮᠥᠰ ᠢ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠶ ᠬᠥᠮᠥᠰ ᠢ ᠬᠠᠯᠠᠮᠵᠢᠯᠠᠨ ᠬᠠᠪᠰᠤᠷᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃      ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠵᠠᠷᠯᠠᠨ ᠨᠡᠶᠢᠲᠡᠯᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ      ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠲᠦᠷᠭᠡᠨ ᠥᠷᠪᠢᠰᠬᠦ ᠬᠠᠨᠳᠤᠰᠢ ᠲᠠᠢ ᠪᠣᠯᠵᠤ᠂ ᠬᠢᠵᠢᠭ ᠤᠨ ᠪᠠᠶᠢᠳᠠᠯ ᠤᠨ ᠬᠠᠮᠤᠷᠬᠤ ᠬᠡᠪᠴᠢᠶ᠎ᠡ ᠥᠷᠭᠡᠳᠴᠦ᠂ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠨᠡᠮᠡᠭᠳᠡᠬᠦ ᠠᠶᠤᠯ ᠲᠦᠭᠰᠢᠭᠦᠷᠢ ᠢᠯᠡᠷᠡᠵᠦ᠂ ᠵᠠᠷᠢᠮ ᠭᠠᠵᠠᠷ ᠣᠷᠣᠨ ᠳᠤ ᠭᠤᠷᠪᠠᠨ ᠵᠢᠯ ᠤᠨ ᠲᠤᠷᠰᠢᠬᠢ ᠬᠠᠮᠤᠭ ᠤᠨ ᠪᠤᠳᠤᠯᠢᠶᠠᠨᠲᠠᠢ᠂ ᠬᠠᠮᠤᠭ ᠤᠨ ᠬᠦᠨᠳᠦ ᠨᠣᠴᠢᠲᠠᠢ ᠪᠠᠶᠢᠳᠠᠯ ᠳᠤ ᠲᠤᠯᠭᠠᠷᠠᠵᠤ ᠪᠠᠶᠢᠨ᠎ᠠ᠃      ᠤᠯᠤᠰ ᠤᠨ ︽ᠶᠢᠰᠦ ᠶᠢ ᠥᠯᠥ ᠵᠥᠪᠰᠢᠶᠡᠷᠡᠬᠦ︾ ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢᠶᠠᠷ ᠳᠡᠮᠵᠢᠨ ᠣᠶᠢᠯᠠᠭᠠᠭᠰᠠᠨ ᠢᠶᠠᠷ᠂ ᠣᠳᠣᠬᠠᠨ ᠳᠤ ᠣᠯᠠᠨ ᠲᠦᠮᠡᠨ ᠤ ᠲᠤᠰᠬᠠᠭᠰᠠᠨ ᠭᠤᠣᠯ ᠠᠰᠠᠭᠤᠳᠠᠯ ᠳᠤ ᠡᠨᠡ ᠬᠡᠳᠦᠨ ᠲᠠᠯ᠎ᠠ ᠪᠠᠭᠲᠠᠨ᠎ᠠ᠄ ᠨᠢᠭᠡ ᠳᠤ᠂ ᠵᠠᠷᠢᠮ ᠭᠠᠵᠠᠷ ᠣᠷᠣᠨ ᠤ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠣᠨᠣᠪᠴᠢᠲᠠᠶ ᠪᠢᠰᠢ ᠪᠠᠶᠢᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠬᠤ ᠮᠥᠷᠲᠡᠭᠡᠨ ᠤᠯᠤᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ ᠪᠠᠶᠢᠨ᠎ᠠ︔ ᠬᠤᠶᠠᠷ ᠲᠤ᠂ ᠣᠨᠴᠠ ᠵᠠᠷᠢᠮ ᠦᠨᠳᠦᠰᠦᠨ ᠱᠠᠲᠤᠨ ᠤ ᠠᠵᠢᠯᠲᠠᠨ ᠤ ᠠᠵᠢᠯᠯᠠᠬᠤ ᠠᠷᠭ᠎ᠠ ᠨᠢ ᠲᠠᠩ ᠴᠤᠯᠭᠤᠢ᠂ ᠣᠪᠣᠷ ᠨᠢ ᠮᠠᠭᠤ᠂ ᠬᠦᠯᠢᠴᠡᠩᠭᠦᠢ ᠪᠤᠰᠤ᠂ ᠤᠯᠠᠨ ᠲᠦᠮᠡᠨ ᠲᠠᠢ ᠨᠡᠪᠲᠡᠷᠡᠯᠴᠡᠬᠦ ᠨᠢ ᠰᠢᠯᠤᠭᠤᠨ ᠪᠢᠰᠢ᠂ ᠵᠥᠷᠢᠴᠡᠯ ᠢ ᠠᠮᠠᠷᠬᠠᠨ ᠬᠤᠷᠴᠠᠳᠬᠠᠵᠤ ᠪᠠᠶᠢᠨ᠎ᠠ︔ ᠭᠤᠷᠪᠠ ᠳᠤ᠂ ᠴᠥᠭᠡᠨ ᠲᠣᠭᠠᠨ ᠤ ᠭᠠᠵᠠᠷ ᠣᠷᠣᠨ ᠤ ᠬᠢᠵᠢᠭ ᠲᠤ ᠬᠤᠯᠪᠣᠭᠳᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠦᠷᠢᠨ ᠭᠦᠢᠴᠡᠳ ᠨᠡᠶᠢᠲᠡᠯᠡᠭᠰᠡᠨ ᠦᠭᠡᠢ ᠠᠴᠠ ᠪᠣᠯᠵᠤ ᠤᠯᠠᠨ ᠲᠦᠮᠡᠨ ᠳᠤ ᠠᠮᠠᠷᠬᠠᠨ ᠡ᠊ᠨᠳᠡᠭᠦᠦ ᠣᠶᠢᠯᠠᠭᠠᠯᠲᠠ ᠥᠭᠴᠦ ᠪᠠᠶᠢᠨ᠎ᠠ᠃ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠴᠡᠭᠴᠡᠯᠡᠨ ᠵᠠᠰᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠯᠤᠰ ᠤᠨ ᠰᠡᠷᠭᠡᠶᠢᠯᠡᠨ ᠡᠵᠡᠮᠳᠡᠬᠦ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ ᠰᠤᠷᠭᠠᠭᠤᠯᠢ ᠶᠢ ᠪᠢᠲᠡᠭᠦᠮᠵᠢᠯᠡᠨ ᠬᠢᠴᠢᠶᠡᠯ ᠢ ᠵᠣᠭᠰᠤᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ᠂ ᠪᠠᠰᠠ ᠵᠥᠪᠰᠢᠶᠡᠷᠡᠯ ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠲᠣᠭᠲᠠᠩᠭᠤᠢ︾ ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠣᠷᠳᠣ ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ᠂ ᠳᠤᠷ᠎ᠠ ᠪᠠᠷ ᠡᠮᠴᠢᠯᠡᠭᠡ ᠶᠢ ᠵᠣᠭᠰᠤᠭᠠᠬᠤ ᠵᠡᠷᠭᠡ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠵᠠᠷᠯᠠᠨ ᠮᠡᠳᠡᠭᠳᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠬᠤ ᠬᠡᠷᠡᠭᠲᠡᠢ      ᠵᠠᠷᠢᠮ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠠᠵᠢᠯ ᠢ ᠥᠷᠨᠢᠭᠦᠯᠬᠦ ᠪᠠᠷ ᠲᠤᠷᠰᠢᠵᠤ ᠪᠠᠶᠢᠨ᠎ᠠ᠂ ᠭᠡᠪᠡᠴᠦ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠴᠤ᠂ ᠪᠦᠷᠢᠨ ᠲᠡᠭᠦᠯᠳᠡᠷ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠴᠢᠷ ᠨᠢ ᠦᠯᠢᠭᠡᠷ ᠠᠪᠬᠤ ᠶᠢᠨ ᠶᠠᠰᠤ ᠴᠢᠨᠠᠷ ᠤᠨ ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ ᠲᠤᠶᠢᠯ ᠤᠨ ᠴᠢᠬᠤᠯᠠ ᠶᠤᠮ᠂ ᠡᠶᠢᠮᠦ ᠠᠴᠠ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠳᠤ ᠴᠤ ᠦᠯᠢᠭᠡᠷ ᠠᠪᠬᠤ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃      ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠬᠤᠪᠢᠰᠤᠭᠰᠠᠨ ᠰᠠᠯᠪᠤᠷᠢ ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ ᠪᠠᠭᠤᠷᠠᠵᠠᠢᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠭᠡᠷᠡᠴᠢᠯᠡᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠰᠠᠯᠪᠤᠷᠢᠯᠠᠨ ᠬᠤᠪᠢᠰᠤᠭᠰᠠᠨ BA.1 ᠂ BA.2᠂ BA.5᠂ BF.7᠂ BQ.1 ᠪᠠ ᠳᠠᠬᠢᠨ ᠨᠡᠶᠢᠯᠡᠭᠰᠡᠨ ᠴᠣᠭᠴᠠ XBB ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ ᠪᠠᠭᠤᠷᠠᠭᠰᠠᠨ ᠪᠠᠶᠢᠨ᠎ᠠ᠃ ᠤᠯᠤᠰ ᠤᠨ ᠭᠠᠳᠠᠭᠠᠳᠤ ᠶᠢᠨ ᠰᠤᠳᠤᠯᠭᠠᠨ ᠠᠴᠠ ᠦᠵᠡᠪᠡᠯ᠂ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠬᠦ ᠪᠠ ᠦᠬᠦᠬᠦ ᠬᠠᠷᠢᠴᠠᠯ  ᠨᠢ ᠠᠩᠬᠠᠨ ᠤ ᠸᠢᠷᠦ᠋ᠰ ᠪᠠ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠠᠴᠠ ᠢᠯᠡᠳᠲᠡ ᠳᠣᠣᠷ᠎ᠠ ᠪᠠᠶᠢᠵᠤ᠂ ᠡᠨᠡ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠣᠨᠴᠠᠯᠢᠭ ᠪᠣᠯᠬᠤ ᠪᠠᠷ ᠪᠠᠷᠠᠬᠤ ᠦᠭᠡᠢ ᠸᠠᠺᠼᠢᠨ ᠤ ᠲᠠᠷᠢᠯᠭ᠎ᠠ ᠶᠢᠨ ᠬᠥᠮᠥᠰ ᠤᠨ ᠡᠭᠡᠯᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠ ᠴᠠᠭ ᠲᠤᠬᠠᠢ ᠳᠤ ᠨᠢ ᠡᠮᠴᠢᠯᠡᠭᠰᠡᠨ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠃ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠵᠢᠴᠢ ᠲᠡᠭᠦᠨ ᠲᠠᠢ ᠬᠤᠯᠪᠣᠭᠳᠠᠬᠤ ᠦᠬᠦᠯ ᠤᠨ ᠨᠣᠷᠮ᠎ᠠ ᠨᠢ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ ᠪᠠᠶᠢᠨ᠎ᠠ᠂ ᠡᠨᠡ ᠨᠢ ᠮᠠᠨ ᠤ ᠢᠳᠡᠪᠬᠢᠲᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠪᠠ ᠴᠢᠨᠠᠷ ᠰᠠᠶᠢᠲᠠᠢ ᠠᠪᠤᠷᠠᠨ ᠵᠠᠰᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ ᠶᠤᠮ᠃ ᠬᠢᠲᠠᠳ ᠡᠮ ᠡᠮᠨᠡᠯᠭᠡ ᠨᠢ ᠪᠠᠰᠠ ᠢᠳᠡᠪᠬᠢᠲᠡᠢ ᠦᠢᠯᠡᠳᠦᠯ ᠭᠠᠷᠭᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ ᠲᠠᠢ᠂ ᠥᠨᠳᠥᠷ ᠨᠠᠰᠤᠲᠠᠢ ᠡᠪᠡᠳᠴᠢᠲᠡᠨ ᠪᠠ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠬᠡᠷᠪᠡ ᠣᠮᠢᠺᠷᠦᠨ ᠣᠨᠳᠣᠣᠰᠢᠭᠰᠠᠨ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠮᠥᠨ ᠬᠦ ᠵᠣᠬᠢᠬᠤ ᠬᠠᠷᠢᠴᠠᠯ ᠢᠶᠠᠷ ᠬᠦᠨᠳᠦ ᠡᠪᠡᠳᠴᠢᠨ ᠳᠤ ᠨᠡᠷᠪᠡᠭᠳᠡᠵᠦ ᠮᠡᠳᠡᠨ᠎ᠡ᠃ ᠭᠡᠪᠡᠴᠦ ᠣᠲᠣ ᠶᠢᠨ ᠪᠠᠶᠢᠭ᠎ᠠ ᠸᠠᠺᠼᠢᠨ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠪᠠ ᠦᠬᠦᠬᠦ ᠨᠤᠷᠮ᠎ᠠ ᠶᠢ ᠪᠠᠭᠠᠰᠬᠠᠬᠤ ᠳᠤ ᠮᠥᠨ ᠨᠡᠯᠢᠶᠡᠳ ᠰᠠᠶᠢᠨ ᠦᠢᠯᠡᠳᠦᠯ ᠲᠠᠢ ᠶᠤᠮ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠶᠢᠨ ᠦᠢᠯᠡᠳᠦᠯᠭᠡ ᠠᠴᠠ ᠦᠵᠡᠪᠡᠯ᠂ ᠭᠤᠷᠪᠠᠨ ᠲᠥᠷᠥᠯ ᠤᠨ ᠬᠥᠮᠥᠰ ᠬᠦᠨᠳᠦ ᠡᠪᠡᠳᠴᠢᠨ ᠳᠤ ᠨᠡᠷᠪᠡᠭᠳᠡᠬᠦ ᠬᠠᠨᠳᠤᠰᠢ ᠲᠠᠢ      ᠨᠢᠭᠡ ᠳᠤ᠂ ᠨᠠᠰᠤᠲᠠᠶᠢᠴᠤᠳ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠨᠢ ᠬᠦᠨᠳᠦᠷᠡᠬᠦ ᠠᠶᠤᠯᠲᠠᠢ ᠬᠥᠮᠥᠰ ᠪᠣᠯᠣᠨ᠎ᠠ᠃ 80 ᠨᠠᠰᠤᠨ  ᠠᠴᠠ ᠳᠡᠭᠡᠭᠰᠢᠬᠢ ᠨᠠᠰᠤᠲᠠᠶᠢᠴᠤᠳ ᠪᠣᠯ ᠨᠡᠩ ᠴᠤ ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠥᠰ ᠪᠣᠯᠣᠨ᠎ᠠ᠃ ᠡᠶᠢᠮᠦ ᠠᠴᠠ ᠨᠠᠰᠤᠲᠠᠶᠢᠴᠤᠳ ᠲᠠᠢ ᠭᠡᠷ ᠪᠦᠯᠢ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠠᠯᠳᠠᠪᠤᠷᠢᠯᠠᠯ ᠤᠨ ᠲᠦᠭᠰᠢᠭᠦᠷᠢ ᠶᠢ ᠨᠠᠩ ᠢᠯᠡᠭᠦᠦ ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠨᠠᠰᠤᠲᠠᠶᠢᠴᠤᠳ ᠪᠠᠰᠠ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ ᠵᠡᠷᠭᠡ ᠬᠤᠪᠢ ᠬᠥᠮᠥᠨ ᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃      ᠬᠤᠶᠠᠷ ᠲᠤ᠂ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ᠃ ᠡᠮᠴᠢᠯᠡᠭᠡᠨ ᠤ ᠳᠤᠮᠳᠠ᠂ ᠰᠠᠭᠤᠷᠢ ᠴᠢᠨᠠᠷᠲᠠᠢ ᠡᠪᠡᠳᠴᠢᠨ ᠲᠠᠢ᠂ ᠢᠯᠠᠩᠭᠤᠶ᠎ᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ ᠡᠪᠡᠳᠴᠢᠨ᠂ ᠬᠠᠪᠤᠳᠠᠷ᠂ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠵᠡᠷᠭᠡ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ  ᠨᠢ ᠬᠦᠨᠳᠦᠷᠡᠬᠦ ᠲᠦᠭᠰᠢᠭᠦᠷᠢ ᠨᠢ ᠨᠠᠩ ᠶᠡᠭᠡ ᠪᠠᠶᠢᠳᠠᠭ᠃      ᠭᠤᠷᠪᠠ ᠳᠤ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ᠃ ᠸᠠᠺᠼᠢᠨ ᠤ ᠲᠠᠷᠢᠯᠭ᠎ᠠ ᠨᠢ ᠡᠪᠡᠳᠴᠢᠨ ᠬᠦᠨᠳᠦᠷᠡᠬᠦ ᠪᠠ ᠦᠬᠦᠯ ᠤᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠃ ᠴᠡᠭᠡᠷᠯᠡᠬᠦ ᠡᠪᠡᠳᠴᠢᠨ ᠦᠭᠡᠢ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠥᠮᠥᠰ᠂ ᠢᠯᠠᠩᠭᠤᠶ᠎ᠠ ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠦᠷᠭᠡᠬᠡᠨ ᠳᠠᠷᠢᠵᠤ᠂ ᠪᠠᠲᠤᠳᠬᠠᠨ ᠲᠠᠷᠢᠬᠤ ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ ᠪᠠᠲᠤᠳᠬᠠᠬᠤ ᠲᠠᠷᠢᠯᠭ᠎ᠠ ᠶᠢ ᠲᠠᠷᠢᠬᠤ ᠶᠢ ᠰᠠᠨᠠᠭᠤᠯᠬᠤ ᠬᠡᠷᠡᠭᠲᠡᠢ᠃      ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠶᠢᠨ ᠬᠠᠯᠳᠠᠪᠤᠷᠢᠯᠠᠯ ᠤᠨ ᠲᠦᠭᠰᠢᠭᠦᠷᠢ ᠠᠴᠠ ᠬᠡᠷᠬᠢᠨ ᠵᠠᠶᠢᠯᠠᠰᠬᠢᠬᠦ ᠪᠣᠶ︖ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠬᠦ ᠶᠢ ᠵᠢᠷᠤᠮᠵᠢᠭᠤᠯᠵᠤ᠂ ᠴᠤᠭᠯᠠᠷᠠᠬᠤ ᠦᠭᠡᠢ ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ ᠬᠥᠮᠥᠰ ᠲᠠᠢ ᠪᠠᠨ ᠨᠢᠭᠡ ᠮᠧᠲᠷ ᠠᠴᠠ ᠳᠡᠭᠡᠭᠰᠢ ᠵᠠᠢ ᠶᠢ ᠪᠠᠲᠤᠯᠠᠵᠤ᠂ ᠲᠤᠬᠠᠢ ᠶᠢᠨ ᠲᠠᠯᠠᠪᠤᠷ ᠤᠨ ᠠᠵᠢᠯᠲᠠᠨ ᠤ ᠵᠢᠯᠣᠭᠤᠳᠤᠯᠭ᠎ᠠ ᠶᠢ ᠤᠬᠠᠮᠰᠠᠷ  ᠠᠴᠠ ᠪᠠᠨ ᠳᠠᠭᠠᠬᠤ ᠬᠡᠷᠡᠭᠲᠡᠢ᠃ ᠦᠯᠢᠭᠡᠷ ᠠᠪᠬᠤ ᠶᠠᠪᠤᠴᠠ ᠳᠤ ᠡᠮᠦᠨᠡᠬᠢ ᠬᠥᠮᠥᠨ ᠶᠠᠪᠤᠭᠰᠠᠨ ᠤ ᠳᠠᠷᠠᠭ᠎ᠠ ᠦᠯᠢᠭᠡᠷ ᠠᠪᠤᠭᠴᠢ ᠭᠠᠷ ᠢᠶᠠᠨ ᠰᠠᠶᠢᠲᠤᠷ ᠠᠷᠢᠭᠤᠳᠬᠠᠭᠰᠠᠨ ᠤ ᠳᠠᠷᠠᠭ᠎ᠠ ᠰᠠᠶ᠋ᠢ ᠤᠷᠤᠭᠰᠢ ᠪᠠᠨ ᠣᠴᠢᠵᠤ ᠥᠯᠢᠭᠡᠷ ᠠᠪᠤᠭᠤᠯᠬᠤ ᠬᠡᠷᠡᠭᠲᠡᠢ᠃ ᠡᠭᠦᠨ ᠤ ᠬᠠᠮᠲᠤ᠂ ᠦᠯᠢᠭᠡᠷ ᠠᠪᠬᠤ ᠦᠶ᠎ᠡ ᠳᠤ᠂ ᠦᠯᠢᠭᠡᠷ ᠠᠪᠤᠭᠤᠯᠤᠭᠴᠢ ᠦᠯᠢᠭᠡᠷ ᠠᠪᠬᠤ ᠲᠠᠪᠴᠠᠩ ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ ᠪᠣᠯᠬᠤ ᠦᠭᠡᠢ᠂ ᠦᠯᠢᠭᠡᠷ ᠠᠪᠤᠭᠤᠯᠤᠭᠰᠠᠨ ᠤ ᠳᠠᠷᠠᠭ᠎ᠠ ᠪᠠᠰᠠ ᠠᠮᠠᠪᠴᠢ ᠪᠠᠨ ᠲᠦᠷᠭᠡᠨ ᠵᠡᠭᠦᠵᠦ᠂ ᠦᠯᠢᠭᠡᠷ ᠠᠪᠬᠤ ᠲᠠᠯᠠᠪᠤᠷ ᠠᠴᠠ ᠲᠦᠷᠭᠡᠨ ᠵᠠᠶᠢᠯᠠᠬᠤ ᠬᠡᠷᠡᠭᠲᠡᠢ᠃      ᠬᠤᠳᠠᠯ ᠬᠠᠭᠤᠷᠮᠠᠭ ᠪᠥᠭᠡᠮ ᠬᠦᠴᠢᠯ ᠤᠨ ᠪᠠᠶᠢᠴᠠᠭ᠋ᠯᠲᠡ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ      ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠠᠯ᠎ᠠ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠶᠡᠷᠦ ᠠᠴᠠ ᠪᠠᠶᠢᠴᠠᠭᠠᠨ ᠰᠢᠯᠭᠠᠬᠤ ᠬᠢᠷᠢ ᠬᠡᠮ ᠤᠨ ᠵᠥᠪᠰᠢᠶᠡᠷᠡᠨ ᠣᠷᠣᠭᠤᠯᠬᠤ ᠪᠠ ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ᠂ ᠮᠡᠷᠭᠡᠵᠢᠯ ᠤᠨ ᠵᠢᠷᠤᠮᠵᠢᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ ᠬᠠᠮᠲᠤ᠂ ᠭᠤᠷᠪᠠᠳᠠᠭᠴᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠠᠭᠲᠠᠭᠠᠭᠰᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠭᠰᠠᠭᠠᠷ ᠢᠷᠡᠵᠡᠶ᠃ ᠡᠨᠡ ᠵᠢᠯ ᠠᠴᠠ ᠨᠠᠭᠠᠰᠢ᠂ ᠪᠡᠭᠡᠵᠢᠩ᠂ ᠠᠨᠾᠦ᠋ᠢ ᠶᠢᠨ ᠾᠧᠹᠧᠢ᠂ ᠾᠧᠪᠧᠢ ᠶᠢᠨ ᠱᠢ ᠵᠢᠶᠠ ᠵᠤᠸᠠᠩ᠂ ᠾᠧᠨᠠᠨ ᠤ ᠰᠢᠦᠢ ᠴᠠᠩ᠂ ᠥᠪᠥᠷ ᠮᠣᠩᠭᠤᠯ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠴᠥᠮ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤᠮᠳᠠ ᠪᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠠᠤᠯᠢ ᠲᠣᠭᠲᠠᠭᠠᠯ ᠢ ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠥᠭᠡᠳ ᠴᠥᠮ ᠴᠢᠩᠭ᠎ᠠ ᠰᠢᠢᠳᠬᠡᠯ ᠥᠭᠴᠦ᠂ ᠬᠠᠤᠯᠢ ᠶᠢ ᠵᠥᠷᠢᠴᠡᠭᠰᠡᠨ ᠵᠠᠷᠢᠮ ᠪᠠᠶᠢᠭᠤᠯᠤᠮᠵᠢ ᠪᠠ ᠬᠤᠪᠢ ᠬᠥᠮᠥᠨ ᠠᠴᠠ ᠪᠠᠰᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ᠃      ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠢ ᠬᠡᠷᠬᠢᠨ ᠬᠠᠮᠢᠶᠠᠷᠬᠤ ᠪᠣᠶ︖      ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠮᠲᠤ ᠳᠤ ᠨᠢ ᠵᠢᠷᠤᠮᠯᠠᠬᠤ ᠬᠡᠷᠡᠭᠲᠡᠢ᠃      ᠨᠢᠭᠡ ᠳᠤ᠂ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠠᠳᠠᠭᠰᠢ ᠭᠠᠷᠬᠤ ᠦᠭᠡᠢ ᠪᠠᠶᠢᠬᠤ ᠶᠢ ᠴᠢᠩᠭ᠎ᠠ ᠪᠠᠷᠢᠮᠲᠠᠯᠠᠨ᠂ ᠠᠯᠢᠪᠠ ᠪᠣᠯᠭᠤᠭᠠᠨ ᠦᠵᠡᠬᠦ ᠶᠢ ᠲᠡᠪᠴᠢᠬᠦ ᠬᠡᠷᠡᠭᠲᠡᠢ︔ ᠡᠪᠡᠳᠴᠢᠨ ᠦᠵᠡᠭᠦᠯᠬᠦ ᠵᠡᠷᠭᠡ ᠠᠴᠠ ᠪᠣᠯᠣᠭᠠᠳ ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠲᠤ᠂ ᠨᠡᠶᠢᠭᠡᠮ ᠲᠣᠭᠤᠷᠢᠭ ᠲᠤ ᠭᠤᠶᠤᠴᠢᠯᠠᠯ ᠳᠡᠪᠰᠢᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠬᠤᠪᠢ ᠬᠥᠮᠥᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠶᠠᠷ ᠲᠤ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠥᠷᠥᠭᠡᠨ ᠳᠤ ᠠᠯᠢ ᠴᠢᠳᠠᠬᠤ ᠪᠠᠷ ᠣᠷᠣᠵᠤ ᠪᠣᠯᠬᠤ ᠦᠭᠡᠢ᠂ ᠵᠣᠷᠯᠣᠩ ᠪᠤᠶᠤ ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠠᠴᠠ ᠵᠠᠶᠢᠯᠠᠰᠬᠢᠨ᠎ᠡ᠃ ᠬᠡᠷᠪᠡ ᠶᠠᠮᠠᠷ ᠨᠢᠭᠡᠨ ᠰᠢᠭᠤᠳ ᠬᠦᠷᠦᠯᠴᠡᠬᠦ ᠪᠣᠯᠣᠮᠵᠢ ᠪᠤᠶᠤ ᠪᠣᠬᠢᠷᠳᠤᠯ ᠪᠣᠳᠠᠰ ᠢ ᠰᠢᠢᠳᠪᠦᠷᠢᠯᠡᠬᠦ ᠦᠶ᠎ᠡ ᠳᠤ ᠡᠷᠬᠡᠪᠰᠢ ᠥᠪᠡᠷ ᠤᠨ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠴᠠᠭ ᠲᠤᠬᠠᠢ ᠳᠤ ᠨᠢ ᠭᠠᠷ ᠢᠶᠠᠨ ᠴᠡᠪᠡᠷᠯᠡᠵᠦ ᠠᠷᠢᠭᠤᠳᠬᠠᠬᠤ ᠬᠡᠷᠡᠭᠲᠡᠢ᠃      ᠭᠤᠷᠪᠠ ᠳᠤ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠪᠠ ᠨᠠᠰᠤᠲᠠᠶᠢᠴᠤᠳ ᠮᠡᠲᠦ ᠶᠢᠨ ᠬᠦᠨᠳᠦ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠲᠠᠢ ᠬᠥᠮᠥᠰ ᠢᠶᠠᠷ ᠭᠡᠷ ᠲᠤ ᠪᠠᠨ ᠲᠤᠰᠠᠭᠠᠷᠯᠠᠬᠤ ᠬᠥᠮᠥᠰ ᠤᠨ ᠠᠰᠠᠷᠠᠭᠴᠢ ᠪᠣᠯᠭᠠᠵᠤ ᠪᠣᠯᠬᠤ ᠦᠭᠡᠢ᠃      ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠠᠷᠭ᠎ᠠ ᠴᠢᠨᠠᠷ ᠢ ᠪᠠᠶᠢᠴᠠᠭᠠᠵᠤ ᠭᠠᠷᠭᠠᠪᠠᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ      ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠣᠭᠲᠠᠭᠠᠯ ᠢ ᠦᠨᠳᠦᠰᠦᠯᠡᠪᠡᠯ᠂ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠲᠤ 7 ᠡᠳᠦᠷ ᠤᠨ ᠭᠡᠷ ᠲᠤ ᠪᠠᠨ ᠲᠤᠰᠠᠭᠠᠷᠯᠠᠬᠤ ᠵᠠᠢ ᠬᠡᠷᠡᠭᠵᠢᠭᠦᠯᠵᠦ᠂ ᠡᠨᠡ ᠬᠤᠭᠤᠴᠠᠭᠠᠨ ᠳᠤ ᠺᠣᠳ᠋ ᠣᠯᠭᠤᠬᠤ ᠬᠠᠮᠢᠶᠠᠷᠤᠯᠲᠠ ᠶᠢ ᠬᠡᠷᠡᠭᠵᠢᠭᠦᠯᠦᠨ᠂ ᠭᠠᠳᠠᠭᠰᠢ ᠭᠠᠷᠴᠤ ᠪᠣᠯᠬᠤ ᠦᠭᠡᠢ᠃ ᠭᠡᠷ ᠲᠤ ᠪᠠᠨ ᠲᠤᠰᠠᠭᠠᠷᠯᠠᠭᠰᠠᠨ ᠤ 1᠂ 3᠂ 5᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶ᠎ᠠ ᠪᠦᠬᠦᠢ ᠬᠥᠮᠥᠰ ᠨᠢ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠡᠷ ᠲᠤ ᠪᠠᠨ ᠲᠤᠰᠠᠭᠠᠷᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠢᠯᠡᠷᠡᠭᠦᠯᠬᠦ ᠳᠤ ᠭᠦᠷᠪᠡᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠠᠵᠢᠭᠯᠠᠬᠤ ᠪᠠ ᠡᠮᠨᠡᠨ ᠵᠠᠰᠠᠭᠤᠯᠵᠤ᠂ ᠬᠠᠮᠲᠤ ᠰᠠᠭᠤᠭ᠎ᠠ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠱᠠᠭᠠᠷᠳᠠᠬᠤ ᠶᠢᠨ ᠬᠠᠮᠲᠤ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠲᠦᠭᠰᠢᠭᠦᠷᠢᠲᠦ ᠬᠥᠮᠥᠰ ᠢ ᠮᠥᠷᠳᠡᠨ ᠬᠠᠮᠢᠶᠠᠷᠬᠤ ᠬᠡᠷᠡᠭᠲᠡᠢ᠃      ᠨᠠᠰᠤᠲᠠᠶᠢᠴᠤᠳ ᠵᠡᠷᠭᠡ ᠪᠠᠭᠤᠷᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠠᠮᠠᠷᠬᠠᠨ ᠡᠪᠡᠳᠴᠢᠨ ᠨᠢ ᠬᠦᠨᠳᠦᠷᠡᠵᠦ᠂ ᠬᠦᠨᠳᠦ ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ᠂ ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠪᠡᠯ ᠬᠠᠮᠤᠭ ᠤᠨ ᠶᠡᠭᠡ ᠠᠰᠢᠭ ᠬᠦᠷᠲᠡᠵᠦ ᠪᠣᠯᠣᠨ᠎ᠠ      60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ᠂ 2.28165 ᠳ᠋ᠦᠩᠰᠢᠭᠤᠷ ᠬᠥᠮᠥᠨ ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ ᠨᠠᠰᠤᠲᠠᠶᠢᠴᠤᠳ ᠤᠨ 90.68% ᠪᠠ 86.42% ᠢ ᠡᠵᠡᠯᠡᠨ᠂ 1.81511 ᠳ᠋ᠦᠩᠰᠢᠭᠤᠷ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ ᠡᠭᠦᠨ ᠳᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠠᠷᠢᠯᠭ᠎ᠠ ᠬᠢᠭᠰᠡᠨ ᠬᠥᠮᠥᠨ ᠤ ᠲᠤᠭ᠎ᠠ 2742.6 ᠲᠦᠮᠡ ᠪᠠᠶᠢᠵᠤ᠂ 2356.3 ᠲᠦᠮᠡᠨ ᠬᠥᠮᠥᠨ ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ 80 ᠨᠠᠰᠤᠨ ᠠᠴᠠ ᠳᠡᠭᠡᠭᠰᠢᠬᠢ ᠬᠥᠮᠥᠨ ᠠᠮᠠ ᠶᠢᠨ 76.6% ᠂ 65.8% ᠶᠢ ᠡᠵᠡᠯᠡᠨ᠂ 1445.6 ᠲᠦᠮᠡᠨ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ᠨᠠᠰᠤᠲᠠᠶᠢᠴᠤᠳ ᠤᠨ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠵᠤ᠂ ᠲᠣᠭᠲᠠᠴᠠ ᠶᠢ ᠪᠦᠷᠢᠨᠰᠢᠭᠦᠯᠬᠦ᠂ ᠪᠠᠶᠢᠳᠠᠯ ᠢ ᠣᠶᠢᠯᠠᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠲᠥᠰᠥᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢ ᠴᠢᠩᠭᠠᠳᠬᠠᠬᠤ ᠪᠠ ᠨᠠᠰᠤᠲᠠᠶᠢᠴᠤᠳ ᠤᠨ ᠲᠠᠷᠢᠯᠭ᠎ᠠ ᠶᠢᠨ ᠠᠵᠢᠯ ᠢ ᠰᠠᠶᠢᠲᠤᠷ ᠬᠢᠨ᠎ᠡ᠃ ᠪᠠᠰᠠ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠵᠦ᠂ ᠬᠤᠪᠢ ᠬᠥᠮᠥᠨ ᠤ ᠡᠷᠡᠭᠦᠯ ᠮᠡᠨᠳᠦ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃      ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ      ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ᠂ ᠣᠨᠴᠠᠭᠠᠶᠢᠯᠠᠨ ᠬᠠᠪᠤᠳᠠᠷ ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠥᠰ ᠲᠤ ᠲᠣᠭᠠᠴᠠᠭᠳᠠᠨ᠎ᠠ᠂ ᠡᠶᠢᠮᠦ ᠠᠴᠠ ᠡᠮᠨᠡᠨ ᠵᠠᠰᠠᠬᠤ ᠶᠠᠪᠤᠴᠠ ᠳᠤ ᠣᠨᠴᠠᠭᠠᠶᠢᠯᠠᠨ ᠠᠩᠬᠠᠷᠬᠤ ᠬᠡᠷᠡᠭᠲᠡᠢ᠃ ᠡᠩ ᠲᠡᠷᠢᠭᠦᠨ ᠳᠤ ᠥᠨᠳᠥᠷ ᠨᠠᠰᠤᠲᠠᠢ ᠨᠠᠰᠤᠲᠠᠶᠢᠴᠤᠳ ᠲᠤ ᠠᠪᠴᠤ ᠬᠡᠯᠡᠪᠡᠯ᠂ ᠪᠢᠳᠡᠨ ᠤ ᠮᠡᠳᠡᠬᠦ ᠪᠠᠷ ᠥᠨᠳᠥᠷ ᠨᠠᠰᠤᠲᠠᠢ ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠰᠠᠭᠤᠷᠢ ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠪᠠᠶᠢᠵᠤ᠂ ᠵᠠᠷᠢᠮ ᠨᠠᠰᠤᠲᠠᠨ ᠣᠯᠠᠨ ᠵᠦᠢᠯ ᠤᠨ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠬᠤᠷ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠪᠡᠯ᠂ ᠨᠢᠭᠡ ᠲᠠᠯ᠎ᠠ ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ᠃ ᠬᠠᠪᠤᠳᠠᠷ ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ ᠠᠪᠴᠤ ᠬᠡᠯᠡᠪᠡᠯ᠂ ᠮᠡᠰᠡ ᠵᠠᠰᠠᠯ ᠪᠤᠶᠤ ᠰᠠᠴᠤᠷᠠᠭ ᠬᠢᠮᠢ ᠶᠢᠨ ᠵᠠᠰᠠᠯ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠳᠠᠭ᠂ ᠡᠶᠢᠮᠦ ᠠᠴᠠ ᠮᠥᠨ ᠴᠦ ᠡᠪᠡᠳᠴᠢᠨ ᠨᠢ ᠬᠦᠨᠳᠦᠷᠡᠬᠦ ᠠᠶᠤᠯ ᠲᠠᠢ ᠲᠦᠭᠰᠢᠭᠦᠷᠢᠲᠦ ᠬᠥᠮᠥᠰ ᠪᠣᠯᠣᠨ᠎ᠠ ᠃ ᠪᠢᠳᠡᠨ ᠤ ᠮᠡᠳᠡᠭᠡᠵᠢ ᠪᠠᠷ᠂ ᠬᠠᠪᠤᠳᠠᠷ ᠡᠪᠡᠳᠴᠢᠨ ᠤ ᠵᠠᠰᠠᠯᠭ᠎ᠠ ᠶᠢᠨ ᠬᠤᠭᠤᠴᠠᠭᠠᠨ ᠳᠠᠬᠢ ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ ᠲᠠᠰᠤᠯᠳᠠᠭᠤᠯᠵᠤ ᠪᠣᠯᠬᠤ ᠦᠭᠡᠢ᠂ ᠡᠨᠡ ᠨᠢ ᠮᠥᠨ ᠴᠦ ᠪᠢᠳᠡᠨ ᠤ ᠪᠠᠷᠢᠮᠲᠠᠯᠠᠭᠰᠠᠭᠠᠷ ᠢᠷᠡᠭᠰᠡᠨ ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠠᠪᠠᠯ ᠬᠠᠮᠲᠤ ᠳᠤ ᠨᠢ ᠵᠠᠰᠠᠬᠤ ᠵᠠᠷᠴᠢᠮ ᠪᠣᠯᠣᠨ᠎ᠠ᠃ ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ᠂ ᠡᠷᠬᠡᠪᠰᠢ ᠡᠶᠢᠮᠦᠷᠬᠦᠦ ᠬᠠᠯᠳᠠᠪᠤᠷᠢᠯᠠᠭᠰᠠᠳ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠵᠤ᠂ ᠠᠪᠤᠷᠠᠨ ᠵᠠᠰᠠᠬᠤ ᠠᠵᠢᠯ ᠢ ᠲᠣᠬᠢᠲᠠᠢ ᠰᠠᠶᠢᠲᠤᠷ ᠬᠢᠵᠦ᠂ ᠰᠠᠭᠤᠷᠢ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ︽ᠬᠥᠮᠥᠨ ᠤ ᠠᠮᠢ ᠨᠠᠰᠤ ᠮᠢᠩᠭᠠᠨ ᠯᠠᠩ ᠠᠯᠲᠠ ᠮᠥᠩᠭᠦᠨ ᠠᠴᠠ ᠴᠤ ᠴᠤᠬᠠᠭ︾ ᠭᠡᠳᠡᠭᠴᠢᠯᠡᠨ᠂ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠳᠤᠮᠳᠠ ᠪᠠᠨ ᠪᠢᠳᠡ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠬᠥᠮᠥᠨ ᠢᠶᠠᠷ ᠦᠨᠳᠦᠰᠦ ᠪᠣᠯᠭᠠᠬᠤ ᠵᠣᠷᠢᠯᠲᠠ ᠶᠢ ᠪᠠᠷᠢᠮᠲᠠᠯᠠᠵᠤ᠂ ᠥᠨᠳᠥᠷ ᠨᠠᠰᠤᠲᠠᠢ ᠨᠠᠰᠤᠲᠠᠶᠢᠴᠤᠳ᠂ ᠡᠪᠡᠳᠴᠢᠨ ᠳᠤ ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠡᠮᠴᠢᠯᠡᠭᠡᠨ ᠤ ᠠᠵᠢᠯ ᠢ ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ᠂ ᠡᠪᠡᠳᠴᠢᠲᠡᠨ ᠢ ᠬᠠᠮᠤᠭ ᠤᠨ ᠰᠠᠶᠢᠨ ᠠᠪᠤᠷᠠᠨ ᠵᠠᠰᠠᠬᠤ ᠪᠠ ᠬᠠᠷᠠᠭᠠᠯᠵᠠᠨ ᠰᠤᠪᠢᠯᠠᠬᠤ ᠶᠢ ᠪᠠᠲᠤᠯᠠᠵᠤ᠂ ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号