ᠵᠢᠯᠣᠭᠤᠴᠢ ᠶᠢᠨ ᠦᠨᠡᠮᠯᠡᠯ ᠤᠨ ᠰᠢᠯᠭᠠᠯᠲᠠ ᠶᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠤᠬᠤ ᠦᠢᠯᠡᠴᠢᠯᠡᠭᠡ ᠶᠢ ᠰᠡᠷᠭᠦᠭᠡᠪᠡ
ᠨᠡᠶᠢᠲᠡᠯᠡᠭᠰᠡᠨ ᠴᠠᠭ᠄
2022/12/10
     12 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠵᠢᠯᠣᠭᠤᠴᠢ ᠶᠢᠨ ᠬᠢᠴᠢᠶᠡᠯ ᠲᠥᠷᠥᠯ ᠤᠨ ᠨᠢᠭᠡᠳᠦᠭᠡᠷ ᠤᠳᠠᠭᠠᠨ ᠤ ᠰᠢᠯᠭᠠᠯᠲᠠ ᠶᠢᠨ ᠰᠦᠯᠵᠢᠶᠡᠨ ᠳᠡᠭᠡᠷ᠎ᠡ ᠪᠣᠯᠵᠣᠬᠤ ᠴᠢᠳᠠᠮᠵᠢ ᠶᠢ ᠨᠢᠭᠡᠨᠲᠡ ᠨᠡᠭᠡᠭᠡᠵᠦ᠂ ᠠᠩᠬᠠᠨ ᠤ ᠪᠦᠯᠦᠭ ᠰᠢᠯᠭᠠᠯᠲᠠ ᠶᠢᠨ ᠴᠠᠭ ᠨᠢ 12  ᠳ᠋ᠤᠭᠠᠷ ᠰᠠᠷ᠎ᠠ ᠶᠢᠨ 19 ᠤ ᠡᠳᠦᠷ ᠪᠣᠯᠣᠨ᠎ᠠ᠃ ᠵᠢᠯᠣᠭᠤᠴᠢ ᠶᠢᠨ ᠦᠨᠡᠮᠯᠡᠯ ᠰᠢᠯᠭᠠᠭᠤᠯᠬᠤ ᠪᠠᠷ ᠪᠡᠯᠡᠳᠬᠡᠵᠦ ᠪᠠᠶᠢᠭ᠎ᠠ ᠬᠤᠲᠠ ᠶᠢᠨ ᠠᠷᠠᠳ ᠡᠨᠡ ᠬᠡᠳᠦᠨ ᠡᠳᠦᠷ ᠭᠠᠷ ᠤᠲᠠᠰᠤᠨ ᠳᠡᠭᠡᠷᠡᠬᠢ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠳᠡᠭᠡᠷ᠎ᠡ ᠤᠷᠢᠳᠴᠢᠯᠠᠨ ᠪᠣᠯᠵᠣᠬᠤ ᠰᠢᠯᠭᠠᠯᠲᠠ ᠶᠢᠨ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃      ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠵᠢᠯᠣᠭᠤᠴᠢ ᠶᠢᠨ ᠰᠢᠯᠭᠠᠯᠲᠠ ᠶᠢᠨ ᠲᠥᠪ ᠤᠨ ᠠᠵᠢᠯᠲᠠᠨ ᠢᠯᠡᠷᠬᠡᠶᠢᠯᠡᠬᠦ ᠳᠡᠭᠡᠨ᠂ ᠣᠳᠣᠬᠠᠨ ᠳᠤ ᠮᠠᠨ ᠤ ᠬᠤᠲᠠ ᠶᠢᠨ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠰᠡᠷᠭᠦᠭᠡᠬᠦ ᠪᠡᠯᠡᠳᠬᠡᠯ ᠠᠵᠢᠯ ᠢ ᠨᠢᠭᠡᠨᠲᠡ ᠬᠢᠵᠦ  ᠳᠠᠭᠤᠰᠬᠠᠭᠠᠳ ᠣᠲᠣ ᠶᠠᠭ ᠨᠡᠭᠡᠭᠡᠯᠲᠡ ᠬᠢᠬᠦ ᠠᠴᠠ ᠡᠮᠦᠨᠡᠬᠢ ᠲᠣᠬᠢᠷᠠᠭᠤᠯᠤᠯᠲᠠ ᠶᠢᠨ ᠠᠵᠢᠯ ᠢ ᠬᠢᠵᠦ ᠪᠠᠶᠢᠨ᠎ᠠ᠂ ᠣᠲᠣ ᠶᠠᠭ ᠮᠠᠨ ᠤ ᠬᠤᠲᠠ ᠶᠢᠨ ᠡᠯ᠎ᠡ ᠵᠢᠯᠣᠭᠤᠴᠢ ᠶᠢᠨ ᠰᠤᠷᠭᠠᠭᠤᠯᠢ᠂ ᠰᠢᠯᠭᠠᠯᠲᠠ ᠶᠢᠨ ᠲᠠᠯᠠᠪᠤᠷ᠂ ᠮᠠᠰᠢᠨ ᠲᠡᠷᠭᠡᠨ ᠤ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠵᠣᠬᠢᠴᠠᠭᠤᠯᠤᠨ ᠨᠡᠭᠡᠭᠡᠯᠲᠡ ᠬᠢᠬᠦ ᠪᠠ ᠠᠵᠢᠯᠲᠠᠨ ᠪᠡᠯᠡᠳᠬᠡᠬᠦ ᠬᠤᠯᠪᠣᠭᠳᠠᠯ ᠪᠦᠬᠦᠢ ᠠᠵᠢᠯ ᠢ ᠥᠷᠨᠢᠭᠦᠯᠵᠦ ᠪᠠᠶᠢᠨ᠎ᠠ᠂ ᠵᠢᠱᠢᠯᠲᠡ ᠪᠠᠷ 12 ᠳ᠋ᠤᠭᠠᠷ ᠰᠠᠷ᠎ᠠ ᠶᠢᠨ 12 ᠤᠨ ᠡᠳᠦᠷ ᠤᠨ ᠤᠷᠢᠳ ᠬᠤᠵᠢᠳ ᠠᠴᠠ ᠰᠦᠯᠵᠢᠶᠡᠨ ᠭᠠᠳᠠᠨᠠᠬᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠰᠡᠷᠭᠦᠭᠡᠬᠦ ᠪᠠᠷ ᠪᠣᠶ᠂ ᠬᠤᠲᠠ ᠶᠢᠨ ᠠᠷᠠᠳ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠩᠬᠠᠷᠴᠤ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠪᠣᠯᠵᠣᠵᠤ ᠪᠣᠯᠣᠨ᠎ᠠ᠂ ᠪᠣᠯᠵᠤᠭ᠎ᠠ ᠪᠦᠲᠦᠭᠰᠡᠨ ᠤ ᠳᠠᠷᠠᠭ᠎ᠠ ᠴᠢᠮᠡᠭᠡ ᠬᠦᠯᠢᠶᠡᠨ᠎ᠡ᠃ ᠣᠳᠣᠬᠠᠨ ᠳᠤ ︽ᠵᠠᠮ ᠬᠠᠷᠢᠯᠴᠠᠭᠠᠨ ᠤ ᠬᠠᠮᠢᠶᠠᠷᠤᠯᠲᠠ 12123 ︾ App ᠤᠨ ᠤᠷᠢᠳᠴᠢᠯᠠᠨ ᠪᠣᠯᠵᠣᠬᠤ ᠦᠢᠯᠡᠴᠢᠯᠡᠭᠡ ᠨᠢ ᠨᠠᠩ ᠲᠥᠬᠦᠮ ᠪᠥᠭᠡᠳ ᠡᠮᠬᠢ ᠵᠢᠷᠤᠮ ᠲᠠᠢ ᠪᠣᠯᠤᠭᠰᠠᠨ ᠪᠥᠭᠡᠳ ᠲᠤᠬᠠᠢ ᠶᠢᠨ ᠲᠠᠯᠠᠪᠤᠷ ᠲᠤ ᠮᠥᠷᠯᠡᠵᠦ ᠬᠦᠯᠢᠶᠡᠬᠦ ᠴᠢᠬᠤᠯᠠ ᠦᠭᠡᠢ ᠪᠣᠯᠤᠭᠰᠠᠨ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号