ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠥᠴᠥᠭᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠠᠴᠠ ᠣᠶᠢᠯᠠᠭᠠᠭᠰᠠᠨ ᠢᠶᠠᠷ᠂ ᠰᠣᠶᠣᠯ ᠪᠠ ᠵᠢᠭᠤᠯᠴᠢᠯᠠᠯ ᠤᠨ | ᠶᠠᠮᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ ᠤ ᠳᠠᠷᠤᠮᠠᠯᠯᠠᠨ ᠲᠠᠷᠬᠠᠭᠠᠭᠰᠠᠨ ︽ᠣᠯᠠᠨ ᠨᠡᠶᠢᠲᠡ ᠶᠢᠨ | ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢᠨ ᠵᠦᠭᠯᠡᠭᠦᠷ ︵2022 ᠣᠨ ᠤ 12 ᠳ᠋ᠤᠭᠠᠷ ᠰᠠᠷ᠎ᠠ ᠶᠢᠨ ᠬᠡᠪᠯᠡᠯ︶︾ ᠤᠨ ᠮᠡᠳᠡᠭᠳᠡᠯ ᠢ | ᠦᠨᠳᠦᠰᠦᠯᠡᠨ᠂ ᠲᠣᠰ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ 12 | ᠳ᠋ᠤᠭᠠᠷ ᠰᠠᠷ᠎ᠠ ᠶᠢᠨ 12 ᠤᠨ ᠡᠳᠦᠷ ︵ᠭᠠᠷᠠᠭ ᠤᠨ ᠨᠢᠭᠡᠨ︶ ᠤᠨ 8᠄ 30 ᠲᠤ ᠡᠭᠦᠳᠡ ᠪᠠᠨ ᠨᠡᠭᠡᠭᠡᠪᠡ᠃ | ᠨᠢᠭᠡᠨᠲᠡ ᠨᠡᠭᠡᠭᠡᠭᠰᠡᠨ ᠦᠢᠯᠡᠴᠢᠯᠡᠭᠡᠨ ᠤ ᠴᠣᠩᠬᠤ ᠳᠤ᠂ ᠨᠢᠭᠡᠳᠦᠭᠡᠷ ᠳᠠᠪᠬᠤᠷᠯᠢᠭ᠄ ᠪᠠᠭᠠᠴᠤᠳ | ᠬᠡᠦᠬᠡᠳ ᠤᠨ ᠦᠢᠯᠡᠴᠢᠯᠡᠭᠡᠨ ᠤ ᠲᠣᠭᠤᠷᠢᠭ᠂ ᠵᠡᠮᠳᠡᠭᠴᠦᠳ ᠤᠨ ᠦᠢᠯᠡᠴᠢᠯᠡᠭᠡᠨ ᠤ ᠲᠣᠭᠤᠷᠢᠭ︔ ᠬᠤᠶᠠᠳᠤᠭᠠᠷ | ᠳᠠᠪᠬᠤᠷᠯᠢᠭ᠄ ᠠᠬᠠᠮᠠᠳ ᠤᠩᠰᠢᠭᠴᠢᠳ ᠤᠨ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠬᠤᠭᠤᠴᠠᠭᠠᠲᠤ | ᠰᠡᠳᠬᠦᠯ ᠤᠨ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠰᠣᠨᠢᠨ ᠤ ᠤᠩᠰᠢᠯᠭ᠎ᠠ ᠶᠢᠨ ᠲᠠᠰᠤᠭ᠂ ᠭᠠᠳᠠᠭᠠᠳᠤ | ᠬᠡᠯᠡᠨ ᠤ ᠨᠣᠮ ᠤᠨ ᠣᠩᠰᠢᠯᠭ᠎ᠠ ᠶᠢᠨ ᠲᠠᠰᠤᠭ᠂ ᠤᠩᠰᠢᠭᠴᠢᠳ ᠤᠨ ᠦᠨᠡᠮᠯᠡᠯ ᠠᠪᠬᠤ ᠭᠠᠵᠠᠷ︔ ᠭᠤᠷᠪᠠᠳᠤᠭᠠᠷ | ᠳᠠᠪᠬᠤᠷᠯᠢᠭ᠄ ᠬᠢᠲᠠᠳ ᠬᠡᠯᠡᠨ ᠤ ᠨᠣᠮ ᠪᠢᠴᠢᠭ ᠤᠨ ᠨᠢᠭᠡᠳᠦᠭᠡᠷ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ | ᠨᠣᠮ ᠪᠢᠴᠢᠭ ᠤᠨ ᠬᠤᠶᠠᠳᠤᠭᠠᠷ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠨᠣᠮ ᠪᠢᠴᠢᠭ ᠤᠨ ᠭᠤᠷᠪᠠᠳᠤᠭᠠᠷ | ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠨᠣᠮ ᠪᠢᠴᠢᠭ ᠤᠨ ᠳᠥᠷᠪᠡᠳᠦᠭᠡᠷ ᠤᠩᠰᠢᠯᠭ᠎ᠠ ᠶᠢᠨ ᠲᠠᠰᠤᠭ᠂ | ᠬᠠᠮ ᠵᠠᠭᠤᠴᠢᠯᠠᠭᠤᠷ ᠤᠨ ᠦᠢᠯᠡᠴᠢᠯᠡᠭᠡᠨ ᠤ ᠲᠣᠭᠤᠷᠢᠭ︔ ᠳᠥᠷᠪᠡᠳᠦᠭᠡᠷ ᠳᠠᠪᠬᠤᠷᠯᠢᠭ᠄ ᠮᠣᠩᠭᠤᠯ ᠬᠡᠯᠡᠨ ᠤ | ᠤᠩᠰᠢᠯᠭ᠎ᠠ ᠶᠢᠨ ᠲᠠᠰᠤᠭ᠂ ᠦᠨᠳᠦᠰᠦᠲᠡᠨ ᠤ ᠣᠷᠣᠨ ᠨᠤᠲᠤᠭ ᠤᠨ ᠰᠤᠷᠪᠤᠯᠵᠢ ᠪᠢᠴᠢᠭ ᠤᠨ ᠤᠩᠰᠢᠯᠭ᠎ᠠ ᠶᠢᠨ | ᠲᠠᠰᠤᠭ᠂ ᠭᠠᠷ ᠠᠪᠤᠯᠭ᠎ᠠ ᠶᠢᠨ ᠨᠣᠮ ᠤᠨ ᠤᠩᠰᠢᠯᠭ᠎ᠠ ᠶᠢᠨ ᠲᠠᠰᠤᠭ᠂ ᠡᠷᠲᠡᠨ ᠤ ᠨᠣᠮ ᠪᠢᠴᠢᠭ ᠤᠨ | ᠤᠩᠰᠢᠯᠭ᠎ᠠ ᠶᠢᠨ ᠲᠠᠰᠤᠭ︔ 24 ᠴᠠᠭ ᠤᠨ ᠥᠪᠡᠷᠲᠡᠭᠡᠨ ᠦᠢᠯᠡᠴᠢᠯᠡᠭᠦᠯᠬᠦ ᠨᠣᠮ ᠤᠨ ᠰᠠᠩ᠃ | ᠡᠯ᠎ᠡ ᠤᠩᠰᠢᠯᠭ᠎ᠠ ᠶᠢᠨ ᠲᠠᠰᠤᠭ ᠤᠨ ᠨᠡᠭᠡᠭᠡᠬᠦ ᠴᠠᠭ ᠨᠢ ᠭᠠᠷᠠᠭ ᠤᠨ ᠨᠢᠭᠡᠨ ᠤ ᠦᠳᠡ ᠶᠢᠨ ᠡᠮᠦᠨ᠎ᠡ | ᠡᠭᠦᠳᠡ ᠪᠠᠨ ᠬᠠᠭᠠᠨ᠎ᠠ ︵12 ᠳ᠋ᠤᠭᠠᠷ ᠰᠠᠷ᠎ᠠ ᠶᠢᠨ 12 ᠤᠨ ᠡᠳᠦᠷ ᠬᠡᠪ ᠤᠨ ᠶᠣᠰᠣᠭᠠᠷ ᠡᠭᠦᠳᠡ ᠪᠠᠨ ᠨᠡᠭᠡᠭᠡᠨ᠎ᠡ︶ | ᠭᠠᠷᠠᠭ ᠤᠨ ᠨᠢᠭᠡᠨ᠄ 14᠄ 30 ︱ 18᠄ 30︔ ᠭᠠᠷᠠᠭ ᠤᠨ ᠬᠤᠶᠠᠷ ᠠᠴᠠ ᠭᠠᠷᠠᠭ ᠤᠨ ᠡᠳᠦᠷ ᠪᠣᠯᠲᠠᠯ᠎ᠠ᠄ | 8᠄ 30 ︱ 18᠄ 30︔ 24 ᠴᠠᠭ ᠤᠨ ᠥᠪᠡᠷᠲᠡᠭᠡᠨ ᠦᠢᠯᠡᠴᠢᠯᠡᠭᠦᠯᠬᠦ ᠨᠣᠮ ᠤᠨ ᠰᠠᠩ ᠪᠦᠬᠦᠯᠢ 24 | ᠴᠠᠭ ᠢᠶᠠᠷ ᠨᠡᠭᠡᠭᠡᠨ᠎ᠡ᠃ ᠤᠩᠰᠢᠭᠴᠢᠳ ᠦᠨᠡᠮᠯᠡᠯ ᠠᠪᠬᠤ ᠭᠠᠵᠠᠷ ᠤᠨ ᠨᠡᠭᠡᠭᠡᠬᠦ ᠴᠠᠭ ᠨᠢ ᠭᠠᠷᠠᠭ ᠤᠨ ᠨᠢᠭᠡᠨ ᠤ | ᠦᠳᠡ ᠶᠢᠨ ᠡᠮᠦᠨ᠎ᠡ ᠡᠭᠦᠳᠡ ᠪᠠᠨ ᠬᠠᠭᠠᠨ᠎ᠠ ︵12 ᠳ᠋ᠤᠭᠠᠷ ᠰᠠᠷ᠎ᠠ ᠶᠢᠨ 12 ᠤᠨ ᠡᠳᠦᠷ ᠬᠡᠪ ᠤᠨ ᠶᠣᠰᠣᠭᠠᠷ | ᠡᠭᠦᠳᠡ ᠪᠠᠨ ᠨᠡᠭᠡᠭᠡᠨ᠎ᠡ︶ ᠭᠠᠷᠠᠭ ᠤᠨ ᠨᠢᠭᠡᠨ᠄ 14᠄ 30 ︱ 17᠄ 30︔ ᠭᠠᠷᠠᠭ ᠤᠨ ᠬᠤᠶᠠᠷ ᠠᠴᠠ | ᠭᠠᠷᠠᠭ ᠤᠨ ᠡᠳᠦᠷ᠄ ᠦᠳᠡ ᠶᠢᠨ ᠡᠮᠦᠨ᠎ᠡ᠄ 08᠄ 30 ︱ 12᠄ 00᠂ ᠦᠳᠡ ᠶᠢᠨ ᠬᠤᠶᠢᠨ᠎ᠠ᠄ 14᠄ 30 | ︱ 17᠄ 30᠃ | ᠤᠩᠰᠢᠭᠴᠢᠳ ᠨᠣᠮ ᠤᠨ ᠰᠠᠩ ᠳᠤ ᠣᠷᠣᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠪᠣᠯᠣᠨ ᠡᠷᠡᠭᠦᠯ ᠮᠡᠨᠳᠦ ᠵᠢ᠊ ᠺᠣᠳ᠋ ᠢ ᠳᠠᠭᠢᠵᠤ ᠪᠠᠶᠢᠴᠠᠭᠠᠬᠤ ᠦᠭᠡᠢ᠂ ᠭᠡᠬᠦ ᠳᠡᠭᠡᠨ ᠡᠷᠬᠡᠪᠰᠢ | ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠨ᠎ᠡ᠂ ᠪᠡᠶ᠎ᠡ ᠶᠢᠨ ᠳᠤᠯᠠᠭᠠᠨ ᠢ ᠬᠡᠮᠵᠢᠵᠦ᠂ ᠠᠶᠤᠯᠲᠠᠢ ᠪᠣᠳᠠᠰ ᠢ | ᠪᠠᠶᠢᠴᠠᠭᠠᠨ᠎ᠠ᠃ ᠨᠣᠮ ᠤᠨ ᠰᠠᠩ ᠠᠴᠠ ᠨᠣᠮ ᠤᠨ ᠰᠠᠩ ᠳᠤ ᠪᠠᠶᠢᠭ᠎ᠠ ᠬᠥᠮᠥᠨ ᠤ ᠲᠤᠭ᠎ᠠ ᠶᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠬᠢᠵᠠᠭᠠᠷᠯᠠᠵᠤ᠂ ᠥᠨᠥᠳᠥᠷ ᠠᠴᠠ ᠡᠬᠢᠯᠡᠨ ᠨᠣᠮ ᠤᠨ ᠰᠠᠩ ᠳᠤ ᠪᠠᠶᠢᠭ᠎ᠠ | ᠬᠥᠮᠥᠨ ᠤ ᠲᠤᠭ᠎ᠠ ᠶᠢ ᠲᠤᠬᠠᠢ ᠶᠢᠨ ᠴᠠᠭ ᠲᠤᠨᠢ 1000 ᠬᠦᠮᠦᠨ ᠢᠶᠠᠷ ᠬᠢᠵᠠᠭᠠᠷᠯᠠᠨ᠎ᠠ᠃ |