ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/14
     12 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠴᠢᠳᠠᠪᠤᠷᠢᠲᠠᠨ ᠤ ᠠᠵᠢᠯ ᠤᠨ ᠵᠣᠷᠢᠭ ᠰᠠᠨᠠᠭ᠎ᠠ ᠵᠢᠴᠢ ᠲᠡᠭᠦᠨ ᠤ ᠲᠤᠬᠠᠢ ᠲᠠᠶᠢᠯᠤᠮᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ ᠪᠦᠬᠦ ᠰᠢᠶᠠᠨ ᠤ ᠴᠢᠳᠠᠪᠤᠷᠢᠲᠠᠨ ᠤ ᠠᠵᠢᠯ ᠤᠨ ᠳ᠋ᠦᠩᠨᠡᠯᠲᠡ ᠵᠢᠴᠢ 2023 ᠣᠨ ᠤ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠢᠳᠡ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠤ ᠠᠵᠢᠯ ᠤᠨ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠵᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠶ᠃ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠯᠭᠠᠮ᠎ᠠ ᠬᠡᠷᠡᠭᠴᠡᠭᠡ ᠮᠥᠨ᠂ ᠰᠢᠶᠠᠨ ᠤ ᠬᠡᠪᠴᠢᠶᠡᠨ ᠤ ᠠᠵᠤ ᠠᠬᠤᠢ ᠶᠢ ᠬᠦᠴᠦᠯᠡᠨ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠂ ᠦᠴᠤᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠨᠢ ᠠᠯᠤᠰ ᠬᠡᠳᠤ ᠶᠢᠨ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨᠵᠡᠭᠡᠢ ᠲᠠᠨᠢᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠰᠢᠶᠠᠨ ᠤ ᠳᠡᠭᠡᠳᠦ ᠳᠣᠤᠷᠠᠳᠤ ᠱᠠᠲᠤᠨ ᠤ ᠬᠢᠨ ᠮᠠᠨ ᠤ ᠰᠢᠶᠠᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠢᠯ ᠤᠨ ᠭᠤᠤᠯᠳᠠᠯᠭ᠎ᠠ ᠪᠠᠨ ᠡᠵᠡᠮᠳᠡᠵᠦ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠮᠠᠨ ᠤ ᠰᠢᠶᠠᠨ ᠤ ᠠᠵᠤ ᠠᠬᠤᠶ ᠶᠢᠨ ᠬᠥᠭᠵᠢᠯᠲᠡ ᠲᠠᠢ ᠬᠠᠮᠤᠭ ᠤᠨ ᠰᠠᠶᠢᠨ ᠲᠣᠬᠢᠷᠠᠯᠴᠠᠬᠤ ᠬᠡᠮᠵᠢᠶ᠎ᠡ ᠶᠢ ᠣᠨᠣᠪᠴᠢᠲᠠᠶ ᠡᠷᠢᠨ ᠣᠯᠵᠤ᠂ ᠨᠠᠷᠢᠯᠢᠭ ᠣᠨᠣᠴᠠᠲᠠᠶ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠶᠢ ᠪᠠᠶᠢᠭᠤᠯᠵᠤ᠂ ᠡᠭᠦᠨ ᠤ ᠤᠯᠠᠮ ᠢᠶᠠᠷ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠡᠷᠡᠭᠰᠡᠬᠦ ᠡᠯ᠎ᠡ ᠲᠥᠷᠥᠯ ᠤᠨ ᠴᠢᠳᠠᠪᠤᠷᠢᠲᠠᠨ ᠪᠠ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠶᠡᠭᠡ ᠪᠠᠷ ᠲᠡᠳᠡᠨ ᠠᠪᠴᠢᠷᠠᠵᠤ᠂ ᠬᠥᠮᠦᠵᠢᠭᠦᠯᠵᠦ᠂ ᠰᠠᠶᠢᠲᠤᠷ ᠬᠡᠷᠡᠭᠯᠡᠵᠦ᠂ ᠰᠠᠶᠢᠲᠤᠷ ᠦᠯᠡᠳᠡᠭᠡᠬᠦ ᠬᠡᠷᠡᠭᠲᠡᠶ ᠭᠡᠪᠡ᠃      ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠤ ᠠᠵᠢᠯ ᠢ ᠶᠠᠪᠤᠳᠠᠯ ᠪᠣᠯᠭᠠᠨ ᠳᠤ ᠠᠳᠬᠤᠬᠤ ᠬᠥᠮᠦᠨ ᠲᠠᠢ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠤᠯᠤᠰ ᠲᠥᠷᠥᠴᠢ ᠴᠢᠨᠠᠷ᠂ ᠲᠥᠷᠥ ᠶᠢᠨ ᠪᠣᠳᠣᠯᠭᠠᠲᠤ ᠴᠢᠨᠠᠷ ᠢᠶᠠᠷ ᠪᠦᠷ ᠮᠠᠰᠢ ᠴᠢᠩᠭ᠎ᠠ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠪᠠᠷ ᠬᠥᠲᠥᠯᠥᠨ ᠳᠠᠭᠠᠭᠤᠯᠬᠤ ᠪᠠ ᠤᠯᠤᠰ ᠲᠦᠷᠦ ᠪᠠᠷ ᠰᠢᠩᠭᠡᠭᠡᠨ ᠠᠪᠬᠤ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠲᠠᠯ᠎ᠠ ᠪᠠᠷ ᠭᠦᠢᠴᠡᠳ ᠢᠲᠡᠭᠡᠬᠦ᠂ ᠦᠵᠡᠯ ᠰᠠᠨᠠᠭᠠᠨ ᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠬᠤ᠂ ᠠᠵᠢᠯ ᠤᠨ ᠲᠠᠯ᠎ᠠ ᠪᠠᠷ ᠨᠥᠬᠦᠴᠡᠯ ᠪᠦᠷᠢᠯᠳᠦᠭᠦᠯᠬᠦ᠂ ᠠᠮᠢᠳᠤᠷᠠᠯ ᠤᠨ ᠲᠠᠯ᠎ᠠ ᠪᠠᠷ ᠬᠠᠯᠠᠮᠵᠢᠯᠠᠨ ᠬᠠᠷᠠᠭᠠᠯᠵᠠᠬᠤ ᠶᠢ ᠪᠡᠶᠡᠯᠡᠭᠦᠯᠵᠦ᠂ ᠲᠡᠳᠡᠨ ᠤ ᠤᠯᠤᠰ ᠲᠦᠷᠦ ᠶᠢᠨ ᠮᠡᠳᠡᠷᠡᠬᠦ ᠰᠡᠳᠬᠢᠯᠭᠡ ᠪᠠ ᠲᠥᠪᠯᠡᠩᠭᠦᠶ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号