ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/14
     12 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠤᠯᠤᠰ ᠤᠨ ᠠᠮᠤᠷ ᠲᠦᠪᠰᠢᠨ ᠤ ᠲᠤᠬᠠᠢ ᠠᠭᠤᠯᠭ᠎ᠠ ᠶᠢᠨ ᠬᠡᠰᠡᠭᠯᠡᠯ ᠪᠣᠯᠤᠨ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠰᠤᠷᠤᠯᠴᠠᠯᠭ᠎ᠠ ᠶᠢᠨ ᠬᠥᠲᠥᠯᠪᠦᠷᠢ︾ ᠶᠢᠨ ᠠᠭᠤᠯᠭ᠎ᠠ ᠶᠢᠨ ᠬᠡᠰᠡᠭᠯᠡᠯ ᠢ ᠤᠯᠠᠮᠵᠢᠯᠠᠨ ᠰᠤᠷᠤᠯᠴᠠᠪᠠ᠃ ᠳᠠᠷᠠᠭ᠎ᠠ ᠪᠠᠷ ᠨᠢ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠬᠦᠨ ᠲᠤᠰ ᠲᠤᠰ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠠᠵᠢᠯ ᠢ ᠬᠡᠷᠬᠢᠨ ᠰᠠᠶᠢᠲᠤᠷ ᠬᠢᠬᠦ ᠨᠢ ᠦᠴᠤᠸᠠᠨ ᠰᠢᠶᠠᠨ ᠳᠤ ᠠᠪᠴᠤ ᠬᠡᠯᠡᠪᠡᠯ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠬᠦᠴᠦᠨ ᠴᠢᠳᠠᠯ ᠢᠶᠠᠨ ᠡᠷᠭᠦᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ︔ ᠪᠣᠳᠠᠲᠠᠢ ᠪᠠᠷ ᠬᠡᠯᠡᠪᠡᠯ᠂ ᠥᠪᠡᠷ ᠤᠨ ᠬᠠᠷᠢᠶ᠎ᠠ ᠭᠠᠵᠠᠷ ᠢᠶᠠᠨ ᠰᠠᠶᠢᠲᠤᠷ ᠰᠠᠬᠢᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠡᠯ᠎ᠡ ᠬᠦᠷᠢᠶᠡᠨ ᠤ ᠠᠮᠤᠷ ᠲᠦᠪᠰᠢᠨ ᠤ ᠠᠵᠢᠯ ᠢ ᠴᠢᠩᠭ᠎ᠠ ᠨᠢᠮᠪᠠᠢ ᠪᠣᠳᠠᠲᠠᠢ ᠪᠠᠷ ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠠᠵᠢᠯ ᠪᠣᠯ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ‍ ᠨᠢᠭᠡ ᠵᠦᠢᠯ ᠤᠨ ᠲᠦᠢᠯ ᠤᠨ ᠴᠢᠬᠤᠯᠠ ᠠᠵᠢᠯ ᠪᠣᠯᠤᠨ᠎ᠠ᠂ ᠨᠠᠮ ᠤᠨ ᠤᠯᠤᠰ ᠤᠨ ᠠᠮᠤᠷ ᠲᠦᠪᠰᠢᠨ ᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠰᠢᠰᠲ᠋ᠧᠮᠲᠤ ᠰᠡᠳᠬᠢᠬᠦᠢ ᠶᠢ ᠪᠠᠷᠢᠮᠲᠠᠯᠠᠵᠤ᠂ ᠠᠳᠠᠯᠢ ᠴᠢᠭᠯᠡᠯ ᠢᠶᠠᠷ ᠬᠦᠴᠦᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠳᠡᠭᠡᠷ᠎ᠡ ᠵᠣᠭᠰᠣᠵᠤ᠂ ᠤᠯᠤᠰ ᠤᠨ ᠠᠮᠤᠷ ᠲᠦᠪᠰᠢᠨ ᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠡᠷᠡᠰ ᠰᠠᠶᠢᠲᠤᠷ ᠭᠦᠢᠴᠡᠳᠬᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠱᠠᠭᠠᠷᠳᠠᠯᠭ᠎ᠠ ᠶᠢ  ᠬᠦᠷᠢᠶ᠎ᠡ ᠨᠢᠭᠡᠪᠦᠷᠢ᠂ ᠠᠵᠢᠯ ᠲᠦᠷᠦᠯ ᠨᠢᠭᠡᠪᠦᠷᠢ ᠳᠤ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠲᠠᠢ ᠪᠠᠶᠢᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃ 
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号