ᠦᠴᠤᠸᠠᠨ ᠰᠢᠶᠠᠨ ᠪᠣᠯᠤᠨ ᠮᠧᠨ ᠳᠧᠦ ᠭᠸᠤ ᠲᠣᠭᠤᠷᠢᠭ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/14
     12 ᠰᠠᠷ᠎ᠠ ᠶᠢᠨ 9 ᠤ ᠡᠳᠦᠷ᠂ ᠦᠴᠤᠸᠠᠨ ᠰᠢᠶᠠᠨ ᠪᠣᠯᠤᠨ ᠮᠧᠨ ᠳᠧᠦ ᠭᠸᠤ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠮᠠᠨ ᠤ ᠰᠢᠶᠠᠨ ᠳᠤ ᠬᠤᠷᠠᠯᠳᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠭᠦᠨᠵᠡᠭᠡᠢ ᠵᠣᠯᠭᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠬᠢᠯᠡᠵᠦ᠂ ᠮᠧᠨ ᠳᠧᠦ ᠭᠸᠤ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠬᠤᠸᠠ ᠹᠧᠩ ᠬᠤᠷᠠᠯ ᠳᠤ ᠣᠷᠣᠯᠴᠠᠪᠠ᠃      ᠬᠤᠷᠠᠯ ᠠᠴᠠ ᠦᠴᠤᠸᠠᠨ ᠰᠢᠶᠠᠨ ᠪᠣᠯᠤᠨ ᠮᠧᠨ ᠳᠧᠦ ᠭᠸᠤ ᠲᠣᠭᠤᠷᠢᠭ ᠤᠨ ᠬᠤᠶᠠᠷ ᠲᠠᠯ᠎ᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠲᠤᠰ ᠲᠤᠰ ᠰᠣᠨᠣᠰᠴᠠᠢ᠃      ᠢᠦᠶ ᠬᠤᠸᠠ ᠹᠧᠩ ᠢᠯᠡᠷᠬᠡᠶᠢᠯᠡᠬᠦ ᠳᠡᠭᠡᠨ᠂ ᠦᠴᠤᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠪᠠ ᠶᠡᠭᠡ ᠪᠠᠷ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ ᠭᠡᠵᠡᠶ᠃ ᠲᠡᠷᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠴᠢᠬᠤᠯᠠ ᠤᠯᠤᠰ ᠲᠦᠷᠦ ᠶᠢᠨ ᠡᠭᠦᠷᠭᠡ ᠪᠣᠯᠬᠤ ᠪᠥᠭᠡᠳ ᠪᠠᠰᠠ ᠴᠤ ᠬᠤᠶᠠᠷ ᠭᠠᠵᠠᠷ ᠤᠨ ᠤᠯᠠᠨ ᠵᠢᠯ ᠤᠨ ᠲᠤᠷᠰᠢᠬᠢ ᠭᠦᠨ ᠵᠤᠵᠠᠭᠠᠨ ᠨᠥᠬᠦᠷᠯᠡᠯ ᠤᠨ ᠪᠣᠳᠠᠲᠠᠢ ᠢᠯᠡᠷᠡᠯ ᠪᠣᠯᠤᠨ᠎ᠠ᠂ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠮᠧᠨ ᠳᠧᠦ ᠭᠸᠤ ᠲᠣᠭᠤᠷᠢᠭ ᠤᠨ ᠬᠢᠨ ᠦᠷᠭᠦᠯᠵᠢᠯᠡᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠦᠴᠤᠸᠠᠨ ᠰᠢᠶᠠᠨ ᠲᠠᠢ ᠨᠡᠩ ᠥᠷᠭᠡᠨ ᠬᠦᠷᠢᠶᠡᠨ ᠤ᠂ ᠨᠡᠩ ᠥᠨᠳᠥᠷ ᠲᠡᠰ ᠳᠠᠪᠬᠤᠷᠭ᠎ᠠ ᠶᠢᠨ ᠠᠵᠤ ᠦᠢᠯᠡᠰ ᠤᠨ ᠬᠠᠮᠲᠤᠷᠠᠯᠴᠠᠭ᠎ᠠ ᠪᠣᠯᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠥᠷᠨᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠳᠠᠷᠠᠭ᠎ᠠ ᠳᠤᠨᠢ᠂ ᠶᠠᠩ ᠰᠢᠩ ᠱᠧᠩ ᠮᠧᠨ ᠳᠧᠦ ᠭᠸᠤ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢ ᠦᠴᠤᠸᠠᠨ ᠰᠢᠶᠠᠨ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠤᠷᠲᠤ ᠬᠤᠭᠤᠴᠠᠭ᠎ᠠ ᠪᠠᠷ ᠬᠠᠮᠲᠤᠷᠠᠨ ᠠᠵᠢᠯᠯᠠᠭᠰᠠᠨ ᠰᠠᠭᠤᠷᠢᠨ ᠳᠡᠭᠡᠷ᠎ᠡ᠂ ᠮᠧᠨ ᠳᠧᠦ ᠭᠸᠤ ᠲᠣᠭᠤᠷᠢᠭ ᠪᠣᠯᠤᠨ ᠦᠴᠤᠸᠠᠨ ᠰᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠮᠧᠨ ᠳᠧᠦ ᠭᠸᠤ ᠲᠣᠭᠤᠷᠢᠭ ᠤᠨ ᠠᠵᠤ ᠦᠢᠯᠡᠰ ᠤᠨ ᠬᠥᠭᠵᠢᠯᠲᠡ᠂ ᠰᠣᠶᠣᠯ ᠵᠤᠭᠠᠴᠠᠯ ᠤᠨ ᠠᠭᠤᠰᠤᠯᠴᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠮᠠᠨ ᠤ ᠰᠢᠶᠠᠨ ᠳᠤ ᠦᠨᠳᠦᠰᠦᠯᠡᠭᠦᠯᠵᠦ᠂ ᠦᠴᠤᠸᠠᠨ ᠰᠢᠶᠠᠨ ᠤ ᠬᠢᠨ ᠴᠦ ᠲᠤᠰ ᠤᠳᠠᠭ᠎ᠠ ᠶᠢᠨ ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠮᠧᠨ ᠳᠧᠦ ᠭᠸᠤ ᠲᠣᠭᠤᠷᠢᠭ ᠪᠣᠯᠤᠨ ᠦᠴᠤᠸᠠᠨ ᠰᠢᠶᠠᠨ ᠤ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠤᠶᠠᠷ ᠲᠠᠯ᠎ᠠ ᠶᠢᠨ ᠳᠠᠪᠠᠭᠤᠯᠢᠭ ᠠᠵᠤ ᠦᠢᠯᠡᠰ ᠤᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠠᠷᠢᠯᠴᠠᠭ᠎ᠠ ᠶᠢ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号