ᠦᠴᠤᠸᠠᠨ ᠰᠢᠶᠠᠨ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2022/12/15
    12 ᠰᠠᠷ᠎ᠠ ᠶᠢᠨ 13 ᠤ ᠡᠳᠦᠷ᠂ ᠦᠴᠤᠸᠠᠨ ᠰᠢᠶᠠᠨ ᠪᠣᠯᠤᠨ ᠱᠠᠨᠳᠦ᠋ᠩ ᠤᠨ ᠰᠢᠶᠠᠩ ᠶᠤᠸᠠᠨ ᠷᠦᠨ ᠹᠧᠩ ᠠᠮᠢ ᠠᠬᠤᠢ ᠶᠢᠨ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠵᠢᠶᠧ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠲᠤᠬᠠᠢ ᠨᠠᠷᠢᠨ ᠨᠢᠭᠲᠠ ᠰᠣᠯᠢᠯᠴᠠᠭ᠎ᠠ ᠪᠠ ᠤᠯᠤᠯᠴᠠᠭ᠎ᠠ ᠬᠢᠵᠡᠢ᠃     ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ  ᠦᠢᠯᠡᠳᠦᠯᠭᠡᠵᠢᠭᠦᠯᠵᠤ᠂ ᠠᠵᠢᠯ ᠤᠨ ᠲᠤᠰᠬᠠᠶ ᠠᠩᠭᠢ ᠶᠢ ᠲᠦᠷᠭᠡᠬᠡᠨ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠲᠠᠯ᠎ᠠ ᠳᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ᠂ ᠳᠡᠭᠡᠳᠦ ᠲᠠᠰ ᠤᠨ ᠥᠨᠳᠥᠷ ᠪᠦᠲᠦᠮᠵᠢᠲᠡᠶ ᠪᠠ ᠲᠤᠰᠬᠠᠶ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠢᠨ ᠲᠦᠷᠦᠯ ᠵᠦᠢᠯ ᠢ ᠲᠥᠯᠥᠪᠵᠢᠭᠦᠯᠵᠦ ᠪᠦᠳᠦᠬᠡᠨ ᠪᠠᠶᠢᠭᠤᠯᠬᠤ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠢ ᠡᠷᠲᠡ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号