︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠭᠤᠣᠯᠲᠤ ᠪᠣᠷᠣ ᠶᠢ | ᠦᠨᠳᠦᠰᠦᠯᠡᠭᠦᠯᠬᠦ ᠲᠥᠯᠥᠪᠯᠡᠭᠡ︾ ᠶᠢ 2022 ᠣᠨ ᠤ 4 ᠳ᠋ᠦ᠋ᠭᠡᠷ ᠰᠠᠷ᠎ᠠ ᠠᠴᠠ ᠡᠬᠢᠯᠡᠭᠦᠯᠦᠭᠰᠡᠨ ᠤ ᠳᠠᠷᠠᠭ᠎ᠠ᠂ | ᠰᠤᠷᠭᠠᠭᠤᠯᠢ ᠶᠢᠨ ᠬᠦᠷᠢᠶᠡᠨ ᠳᠤ ᠣᠷᠣᠵᠤ ᠤᠬᠠᠭᠤᠯᠤᠨ ᠲᠠᠶᠢᠯᠪᠤᠷᠢᠯᠠᠬᠤ᠂ ᠠᠵᠢᠯ ᠣᠯᠬᠤ ᠠᠷᠭ᠎ᠠ ᠵᠠᠮ ᠢ | ᠥᠷᠭᠡᠳᠬᠡᠬᠦ᠂ ᠠᠳᠠᠯ ᠦᠢᠯᠡᠰ ᠴᠣᠭᠴᠠᠯᠠᠬᠤ ᠰᠢᠯᠢᠳᠡᠭ ᠰᠠᠶᠢᠨ ᠣᠷᠴᠢᠨ ᠨᠥᠬᠦᠴᠡᠯ ᠢ ᠪᠣᠶ ᠪᠣᠯᠭᠠᠬᠤ᠂ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠲᠤᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠂ ᠳᠡᠭᠡᠳᠦ ᠰᠤᠷᠭᠠᠭᠤᠯᠢ ᠲᠡᠭᠦᠰᠦᠭᠰᠡᠨ ᠥᠷᠭᠡᠨ ᠣᠯᠠᠨ ᠣᠶᠣᠲᠠᠳ ᠤᠨ ᠣᠷᠣᠨ ᠤ ᠲᠥᠪ ᠬᠤᠲᠠ ᠪᠠᠨ | ᠬᠠᠶᠢᠷᠠᠯᠠᠵᠤ᠂ ᠣᠷᠣᠨ ᠤ ᠲᠥᠪ ᠬᠤᠲᠠ ᠳᠤ ᠦᠨᠳᠦᠰᠦ ᠬᠠᠳᠬᠤᠵᠤ᠂ ᠣᠷᠣᠨ ᠤ ᠲᠥᠪ ᠬᠤᠲᠠ ᠶᠢ ᠪᠦᠲᠦᠭᠡᠨ | ᠪᠠᠶᠢᠭᠤᠯᠬᠤ ᠳᠤ ᠲᠠᠲᠠᠵᠤ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 3.17 ᠲᠦᠮᠡᠨ ᠬᠥᠮᠥᠨ | ᠬᠥᠬᠡᠬᠤᠲᠠ ᠳᠤ ᠦᠯᠡᠳᠡᠨ ᠠᠵᠢᠯ ᠣᠯᠵᠤ ᠠᠳᠠᠯ ᠦᠢᠯᠡᠰ ᠴᠣᠭᠴᠠᠯᠠᠪᠠ᠃ | 2022 ᠣᠨ ᠤ 4 ᠳ᠋ᠦ᠋ᠭᠡᠷ ᠰᠠᠷ᠎ᠠ ᠳᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ | ᠦᠯᠡᠳᠡᠭᠡᠬᠦ ᠢᠨᠵᠧᠨᠧᠷᠢᠩ︾ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢᠨ | ᠠᠵᠢᠯᠯᠠᠭᠠᠨ ᠤ ᠲᠥᠰᠥᠯ ᠢ ᠡᠬᠢᠯᠡᠨ ᠬᠡᠷᠡᠭᠵᠢᠭᠦᠯᠪᠡ᠃ ᠡᠭᠦᠨ ᠤ ᠵᠣᠷᠢᠯᠭ᠎ᠠ ᠨᠢ ᠪᠣᠳᠠᠲᠠᠢ ᠠᠵᠢᠯᠯᠠᠭ᠎ᠠ ᠶᠢᠨ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠨ ᠥᠷᠭᠡᠨ ᠣᠯᠠᠨ ᠤᠶᠤᠳᠠᠨ ᠪᠠ ᠵᠠᠯᠠᠭᠤ ᠰᠢᠯᠢᠳᠡᠭ ᠴᠢᠳᠠᠪᠤᠷᠢᠲᠠᠨ ᠢ ᠶᠡᠭᠡ | ᠬᠡᠪᠴᠢᠶ᠎ᠡ ᠪᠠᠷ ᠲᠡᠳᠡᠨ ᠠᠪᠴᠢᠷᠠᠵᠤ ᠦᠯᠡᠳᠡᠭᠡᠨ ᠬᠡᠷᠡᠭᠯᠡᠵᠦ᠂ ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠤ | ᠬᠥᠬᠡᠬᠤᠲᠠ ᠳᠤ ᠦᠯᠡᠳᠡᠨ ᠠᠵᠢᠯ ᠣᠯᠵᠤ ᠦᠢᠯᠡᠰ ᠴᠣᠭᠴᠠᠯᠠᠬᠤ ᠶᠢ ᠦᠨᠡᠨ ᠬᠦ ᠪᠠᠲᠤᠯᠠᠵᠤ᠂ ᠣᠷᠣᠨ ᠤ | ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ | ᠠᠬᠢᠭᠤᠯᠬᠤ ᠶᠢᠨ ᠲᠥᠯᠥᠭᠡ ᠶᠤᠮ᠃ | ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠨᠢ ᠣᠷᠣᠨ ᠤ ᠲᠥᠪ ᠬᠤᠲᠠ ᠶᠢᠨ ᠣᠳᠣᠬᠠᠨ ᠤ | ᠪᠠ ᠬᠤᠶᠢᠰᠢᠳᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠣᠯᠣᠨ ᠰᠠᠶᠢᠨ ᠰᠠᠶᠢᠬᠠᠨ ᠵᠢᠷᠤᠭ | ᠲᠥᠯᠥᠪᠯᠡᠭᠡ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ ᠤᠨ ᠠᠮᠢᠳᠤᠷᠠᠬᠤᠢ ᠶᠢᠨ | ᠦᠨ᠎ᠡ ᠥᠷᠲᠡᠭ᠂ ᠠᠮᠢᠳᠤᠷᠠᠬᠤᠢ ᠶᠢᠨ ᠬᠦᠰᠡᠯᠡᠩ ᠵᠢᠴᠢ ᠬᠥᠭᠵᠢᠯᠲᠡ ᠶᠢᠨ ᠲᠥᠯᠦᠪᠵᠢᠭᠦᠯᠭᠡ ᠲᠠᠢ ᠨᠢᠭᠲᠠ | ᠤᠶᠠᠯᠳᠤᠭᠤᠯᠤᠨ᠂ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠭᠡᠷ ᠪᠠᠶᠢᠰᠢᠩ ᠲᠦᠷᠢᠶᠡᠰᠦᠯᠡᠬᠦ | ᠪᠤᠶᠤ ᠬᠤᠳᠠᠯᠳᠤᠨ ᠠᠪᠬᠤ ᠳᠤ ᠨᠥᠬᠦᠪᠦᠷᠢ ᠥᠭᠬᠦ᠂ ᠦᠢᠯᠡᠴᠢᠯᠡᠭᠡ ᠶᠢ ᠳᠥᠭᠦᠮᠴᠢᠯᠡᠬᠦ ᠵᠡᠷᠭᠡ ᠪᠣᠳᠠᠲᠤ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠠᠵᠢᠯ ᠳᠤ ᠬᠥᠲᠥᠯᠬᠦ︾ ︽ᠣᠷᠣᠨ ᠤ ᠲᠥᠪ ᠬᠤᠲᠠ ᠳᠤ | ᠰᠠᠨᠠᠭ᠎ᠠ ᠲᠠᠯᠪᠢᠬᠤ︾ ︽ᠲᠦᠮᠡᠨ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ︾ ︽ᠠᠩᠬ᠎ᠠ ᠦᠢᠯᠡᠰ | ᠴᠣᠭᠴᠠᠯᠠᠬᠤ ᠳᠤ ᠲᠤᠰᠠᠯᠠᠬᠤ︾ ︽ ᠴᠢᠳᠠᠪᠤᠷᠢᠳᠠᠨ ᠢ ᠲᠠᠲᠠᠵᠤ ᠣᠶᠤᠨ ᠢ ᠣᠷᠣᠭᠤᠯᠬᠤ︾ ︽ᠮᠡᠷᠭᠡᠵᠢᠯ | ᠴᠢᠳᠠᠪᠤᠷᠢ ᠶᠢ ᠳᠡᠭᠡᠭᠰᠢᠯᠡᠭᠦᠯᠬᠦ︾ ︽ᠦᠨᠳᠦᠰᠦᠨ ᠱᠠᠲᠤᠨ ᠳᠤ ᠦᠰᠦᠨ ᠪᠣᠶᠢᠵᠢᠬᠤ︾ ︽ᠦᠢᠯᠡᠴᠢᠯᠡᠭᠡ ᠪᠠᠷ | ᠰᠢᠯᠢᠳᠡᠭ ᠢ ᠡᠭᠦᠳᠬᠦ︾ ᠨᠠᠢᠮᠠᠨ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠤᠷᠭᠠᠭᠤᠯᠢ ᠶᠢᠨ ᠬᠦᠷᠢᠶᠡᠨ ᠳᠤ ᠣᠷᠣᠵᠤ ᠤᠬᠠᠭᠤᠯᠤᠨ ᠲᠠᠶᠢᠯᠪᠤᠷᠢᠯᠠᠬᠤ᠂ ᠠᠵᠢᠯ ᠣᠯᠬᠤ ᠠᠷᠭ᠎ᠠ ᠵᠠᠮ ᠢ | ᠥᠷᠭᠡᠳᠬᠡᠬᠦ᠂ ᠠᠳᠠᠯ ᠦᠢᠯᠡᠰ ᠴᠣᠭᠴᠠᠯᠠᠬᠤ ᠰᠢᠯᠢᠳᠡᠭ ᠰᠠᠶᠢᠨ ᠣᠷᠴᠢᠨ ᠨᠥᠬᠦᠴᠡᠯ ᠢ ᠪᠣᠶ ᠪᠣᠯᠭᠠᠬᠤ᠂ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠲᠤᠭ᠎ᠠ ᠬᠡᠮᠵᠢᠶ᠎ᠡ ᠶᠢ ᠥᠷᠭᠡᠳᠬᠡᠬᠦ ᠵᠡᠷᠭᠡ ᠣᠯᠠᠨ ᠵᠦᠢᠯ ᠤᠨ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠥᠷᠭᠡᠨ ᠣᠯᠠᠨ ᠤᠶᠤᠲᠠᠨ ᠢ ᠲᠠᠲᠠᠨ | ᠣᠷᠣᠨ ᠤ ᠲᠥᠪ ᠬᠤᠲᠠ ᠳᠤ ᠦᠨᠳᠦᠰᠦ ᠬᠠᠳᠬᠤᠭᠤᠯᠵᠤ᠂ ᠣᠷᠣᠨ ᠤ ᠲᠥᠪ ᠬᠤᠲᠠ ᠶᠢ ᠪᠦᠲᠦᠭᠡᠨ ᠪᠠᠶᠢᠭᠤᠯᠤᠨ᠎ᠠ | ᠃ | 2022 ᠣᠨ ᠤ 4 ᠳ᠋ᠦ᠋ᠭᠡᠷ ᠰᠠᠷ᠎ᠠ ᠳᠤ ᠡᠬᠢᠯᠡᠭᠰᠡᠨ ᠠᠴᠠ ᠤᠳᠤ ᠪᠣᠯᠲᠠᠯ᠎ᠠ᠂ ᠮᠠᠨ ᠤ ᠬᠤᠲᠠ ᠤᠷᠢᠳ | ᠬᠤᠵᠢᠳ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠪᠠᠷ ᠭᠤᠣᠯ ᠰᠡᠳᠦᠪ ᠪᠣᠯᠭᠠᠭᠰᠠᠨ ᠠᠵᠢᠯᠲᠠᠨ | ᠡᠯᠰᠡᠬᠦ ᠴᠤᠭᠯᠠᠭᠠᠨ ᠢ 20 ᠭᠠᠷᠤᠢ ᠤᠳᠠᠭ᠎ᠠ ᠵᠣᠬᠢᠶᠠᠨ ᠪᠠᠶᠢᠭᠤᠯᠵᠤ᠂ ᠠᠵᠢᠯ ᠡᠷᠢᠭᠰᠡᠳ ᠲᠤ 3 ᠲᠦᠮᠡ ᠰᠢᠬᠠᠮ | ᠠᠵᠢᠯ ᠤᠨ ᠪᠠᠶᠢᠷᠢ ᠬᠠᠩᠭᠠᠪᠠ︔ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢᠨ | ᠲᠠᠶᠢᠯᠤᠮᠵᠢ ᠶᠢ 23 ᠤᠳᠠᠭ᠎ᠠ ᠡᠷᠭᠢᠯᠡᠵᠦ᠂ ᠨᠡᠶᠢᠲᠡ 5 ᠶᠡᠭᠡ ᠳᠡᠭᠡᠳᠦ ᠰᠤᠷᠭᠠᠭᠤᠯᠢ᠂ 8000 ᠭᠠᠷᠤᠢ ᠲᠡᠭᠦᠰᠬᠦ | ᠤᠶᠤᠲᠠᠨ ᠢ ᠬᠠᠮᠤᠷᠪᠠ︔ ᠠᠵᠢᠯ ᠦᠢᠯᠡᠰ ᠤᠨ ᠨᠢᠭᠡᠴᠡ 2170 ᠬᠥᠮᠥᠨ ᠡᠯᠰᠡᠪᠡ︔ ᠵᠠᠰᠠᠭ ᠤᠨ ᠣᠷᠳᠣᠨ ᠤ | ᠬᠤᠳᠠᠯᠳᠤᠨ ᠠᠪᠬᠤ ᠦᠢᠯᠡᠴᠢᠯᠡᠭᠡᠨ ᠤ ᠠᠵᠢᠯ ᠤᠨ ᠪᠠᠶᠢᠷᠢ ᠶᠢ 4000 ᠭᠠᠷᠤᠢ ᠲᠥᠯᠥᠪᠯᠡᠪᠡ︔ ᠦᠢᠯᠡᠰ | ᠪᠣᠰᠬᠠᠬᠤ ᠤᠷᠤᠯᠳᠤᠭᠠᠨ ᠢ ᠡᠷᠬᠢᠯᠡᠨ᠂ 18 ᠱᠠᠩᠨᠠᠯ ᠤᠨ ᠡᠵᠡᠨ ᠢ ᠰᠢᠯᠭᠠᠷᠠᠭᠤᠯᠪᠠ︔ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ 1325 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠣᠯᠭᠤᠪᠠ︔ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ 1261 ᠬᠥᠮᠥᠨ ᠤᠳᠠᠭ᠎ᠠ ᠥᠷᠨᠢᠭᠦᠯᠪᠡ︔ ︽ | ᠬᠦᠬᠡᠬᠤᠲᠠ ᠳᠤ ᠠᠵᠢᠯ ᠣᠯᠬᠤ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠠᠪᠴᠠᠩ ᠵᠡᠷᠭᠡ ᠶᠢ ᠨᠡᠭᠡᠭᠡᠵᠦ᠂ | 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 3.17 ᠲᠦᠮᠡᠨ ᠬᠥᠮᠥᠨ ᠬᠥᠬᠡᠬᠤᠲᠠ ᠳᠤ ᠦᠯᠡᠳᠡᠨ | ᠠᠵᠢᠯ ᠣᠯᠵᠤ ᠠᠳᠠᠯ ᠦᠢᠯᠡᠰ ᠴᠣᠭᠴᠠᠯᠠᠪᠠ᠃ |